ᠺᠠᠳ᠋ᠷ ᠤᠨ ᠡᠩᠨᠡᠭᠡᠨ ᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠠᠵᠢᠯᠲᠠᠨ ᠢ ᠬᠠᠷᠢᠴᠠᠭᠤᠯᠤᠨ ᠰᠣᠩᠭᠤᠬᠤ ᠪᠠᠷ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠃ | ᠨᠢᠭᠡ᠂ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠷᠢᠶ᠎ᠠ ᠭᠠᠵᠠᠷ ᠤᠨ ᠲᠠᠰ ᠤᠨ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃ ᠭᠤᠤᠯᠳᠠᠭᠤ ᠲᠢᠩᠬᠢᠮ ᠤᠨ ᠪᠠᠶᠢᠭᠤᠯᠭ᠎ᠠ ᠶᠢᠨ ᠶᠡᠷᠦᠩᠬᠡᠢ ᠲᠠᠩᠰᠠ | ᠡᠪᠬᠡᠮᠡᠯ ᠤᠨ ᠬᠠᠮᠢᠶᠠᠷᠤᠯᠲᠠ ᠵᠢᠴᠢ ᠲᠣᠭᠠᠴᠢᠯᠠᠯᠲᠠ᠂ ᠲᠢᠩᠬᠢᠮ ᠤᠨ ᠪᠠᠶᠢᠭᠤᠯᠭ᠎ᠠ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ | ᠬᠠᠷᠢᠭᠤᠴᠠᠵᠤ᠂ ᠲᠢᠩᠬᠢᠮ ᠤᠨ ᠪᠠᠶᠢᠭᠤᠯᠭ᠎ᠠ ᠶᠢᠨ ᠰᠦᠯᠵᠢᠶ᠎ᠡ ᠵᠢᠴᠢ ᠦᠵᠦᠭᠦᠷ ᠲᠤ ᠠᠵᠢᠯᠯᠠᠭᠠᠨ ᠤ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ | ᠬᠠᠩᠭᠠᠵᠤ᠂ ᠲᠢᠩᠬᠢᠮ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠪᠠᠲᠤᠯᠠᠭ᠎ᠠ ᠶᠢᠨ ᠠᠵᠢᠯ ᠵᠢᠴᠢ ᠲᠢᠩᠬᠢᠮ ᠤᠨ ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ᠂ | ᠵᠠᠬᠢᠳᠠᠯ ᠰᠤᠷᠪᠤᠯᠵᠢᠯᠠᠯ ᠤᠨ ᠵᠦᠢᠯᠡᠰ ᠢ ᠭᠦᠢᠴᠡᠳᠭᠡᠬᠦ᠂ ᠰᠣᠨᠢᠨ ᠮᠡᠳᠡᠭᠡᠨ ᠤ ᠤᠬᠠᠭᠤᠯᠭ᠎ᠠ᠂ ᠲᠡᠦᠬᠡ ᠣᠶᠢᠯᠠᠯᠭ᠎ᠠ ᠶᠢᠨ ᠣᠨ ᠤ ᠲᠣᠯᠢ ᠨᠠᠶᠢᠷᠠᠭᠤᠯᠬᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠵᠡᠷᠭᠡ ᠲᠤᠰᠠᠯᠠᠬᠤ ᠠᠵᠢᠯ ᠢ ᠡᠭᠦᠷᠭᠡᠯᠡᠨ᠎ᠡ᠃ | ᠬᠤᠶᠠᠷ᠂ ᠠᠳᠠᠯᠢᠳᠬᠠᠨ ᠰᠣᠩᠭᠤᠬᠤ ᠠᠵᠢᠯ ᠤᠨ ᠪᠠᠶᠢᠷᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠲᠤ 4 | ᠠᠵᠢᠯ ᠤᠨ ᠪᠠᠶᠢᠷᠢ ᠲᠣᠬᠢᠷᠠᠭᠤᠯᠵᠠᠢ᠃ ᠪᠣᠳᠠᠲᠠᠶ ᠬᠢᠷᠢ ᠬᠡᠮ ᠤᠨ ᠨᠥᠬᠦᠴᠡᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠤᠨ ᠥᠷᠢᠰᠥᠯᠳᠦᠭᠡᠨ ᠤ ᠴᠢᠨᠠᠷᠲᠠᠶ ᠬᠠᠷᠢᠴᠠᠭᠤᠯᠤᠨ ᠰᠣᠩᠭᠤᠬᠤ ᠠᠵᠢᠯᠲᠠᠨ ᠤ ᠠᠵᠢᠯ ᠤᠨ | ᠪᠠᠶᠢᠷᠢ ᠶᠢᠨ ᠬᠦᠰᠦᠨᠦᠭᠲᠦ︾ ᠳᠤ ᠨᠠᠷᠢᠨ ᠦᠵᠡᠭᠡᠷᠡᠶ᠃ | ᠭᠤᠷᠪᠠ᠂ ᠨᠡᠷ᠎ᠡ ᠮᠡᠳᠡᠭᠦᠯᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠪᠠᠷ ᠠᠵᠢᠯ ᠤᠨ ᠪᠠᠶᠢᠷᠢ ᠳᠤ | ᠪᠠᠶᠢᠭ᠎ᠠ ᠠᠯᠪᠠᠲᠠᠨ ︵ᠠᠯᠪᠠᠨ ᠶᠠᠪᠤᠳᠠᠯ ᠳᠤ ᠣᠷᠣᠯᠴᠠᠭᠴᠢ︶᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ︔ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠮᠠᠨ ᠤ ᠣᠷᠣᠨ ᠳᠤ ᠪᠠᠶᠢᠭᠤᠯᠤᠭᠰᠠᠨ ᠨᠢᠭᠡᠴᠢ ︵ᠡᠭᠴᠡ ᠬᠠᠮᠢᠶᠠᠷᠤᠯᠲᠠ ᠶᠢᠨ ᠨᠢᠭᠡᠴᠢ᠂ ᠲᠣᠮᠢᠯᠠᠭᠰᠠᠨ ᠨᠢᠭᠡᠴᠢ ᠵᠡᠷᠭᠡ ᠪᠠᠭᠲᠠᠨ᠎ᠠ︶ ᠨᠢ | ᠠᠳᠠᠯᠢᠳᠬᠠᠨ ᠰᠣᠩᠭᠤᠬᠤ ᠨᠥᠬᠦᠴᠡᠯ ᠳᠤ ᠨᠡᠶᠢᠴᠡᠬᠦ ᠠᠵᠢᠯᠲᠠᠳ ᠴᠤ ᠨᠡᠷ᠎ᠡ ᠮᠡᠳᠡᠭᠦᠯᠵᠦ ᠪᠣᠯᠤᠨ᠎ᠠ᠃ | ᠳᠥᠷᠪᠡ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠨᠡᠷ᠎ᠡ ᠮᠡᠳᠡᠭᠦᠯᠦᠭᠴᠢ ᠳᠣᠣᠷ᠎ᠠ ᠵᠢᠭᠰᠠᠭᠠᠭᠰᠠᠨ ᠬᠢᠷᠢ ᠬᠡᠮ ᠤᠨ ᠨᠦᠬᠦᠴᠡᠯ ᠢ ᠪᠦᠷᠢᠯᠳᠤᠭᠦᠯᠪᠡᠯ ᠵᠣᠬᠢᠨ᠎ᠠ | 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠬᠤ ᠳᠤ ᠰᠠᠶᠢᠨ ᠰᠠᠶᠢᠬᠠᠨ ᠤᠯᠤᠰ | ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠶᠢᠵᠤ᠂ ᠵᠠᠩ ᠰᠤᠷᠲᠠᠯ ᠨᠢ ᠲᠥᠪ ᠭᠤᠣᠯᠴᠢ᠂ ᠪᠣᠳᠠᠲᠤ ᠠᠮᠵᠢᠯᠲᠠ ᠨᠢ | ᠲᠣᠪᠤᠶᠢᠮ᠎ᠠ᠂ ᠣᠯᠠᠨ ᠲᠦᠮᠡᠨ ᠣᠯᠠᠨ ᠢᠶᠠᠷ ᠢᠶᠠᠨ ᠮᠡᠳᠡᠷᠡᠵᠦ ᠪᠠᠶᠢᠨ᠎ᠠ᠃ | 2. ᠲᠣᠰ ᠨᠢᠭᠡᠴᠢ ᠳᠤ 2 ᠵᠢᠯ ᠠᠴᠠ ᠳᠡᠭᠡᠭᠰᠢ ᠠᠵᠢᠯᠯᠠᠭᠰᠠᠨ ᠪᠠᠶᠢᠭᠤᠯᠭ᠎ᠠ ᠶᠢᠨ ᠠᠯᠪᠠᠲᠠᠨ ᠪᠤᠶᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠠᠵᠢᠯ ᠤᠨ ᠥᠩᠭᠡᠷᠡᠯᠲᠡ ᠶᠢ ᠪᠤᠳᠤᠬᠤ ᠴᠠᠭ ᠨᠢ 2024 ᠣᠨ ᠤ 7 ᠳ᠋ᠤᠭᠠᠷ ᠰᠠᠷ᠎ᠠ ᠶᠢᠨ 11 ᠤ ᠡᠳᠦᠷ ︵ᠪᠠᠭᠲᠠᠬᠤ ᠥᠬᠡᠶ︶ ᠪᠣᠯᠤᠨ᠎ᠠ᠃ | 3. ᠠᠵᠢᠯᠯᠠᠵᠤ ᠪᠠᠶᠢᠭ᠎ᠠ ᠬᠥᠮᠥᠰ ᠤᠨ ᠲᠤᠷᠰᠢᠨ ᠬᠡᠷᠡᠭᠯᠡᠬᠦ ᠬᠤᠭᠤᠴᠠᠭᠠᠨ ᠤ ᠬᠢᠨᠠᠨ ᠰᠢᠯᠭᠠᠯᠲᠠ ᠳᠤ ᠳᠡᠰ ᠲᠣᠭᠲᠠᠭᠠᠭᠰᠠᠨ ᠦᠭᠡᠢ ᠠᠴᠠ ᠭᠠᠳᠠᠨ᠎ᠠ᠂ | ᠣᠨ ᠤ ᠬᠢᠨᠠᠨ ᠰᠢᠯᠭᠠᠯᠲᠠ ᠳᠤ ᠴᠥᠮ ᠬᠢᠷᠢ ᠲᠡᠩᠴᠡᠭᠰᠡᠨ ︵ᠲᠤᠰᠢᠶᠠᠯ ᠳᠤ ᠪᠠᠨ ᠲᠡᠩᠴᠡᠭᠰᠡᠨ︶ ᠪᠠ ᠲᠡᠭᠦᠨ ᠠᠴᠠ ᠳᠡᠭᠡᠭᠰᠢᠬᠢ ᠳᠡᠰ ᠪᠤᠯᠤᠨ᠎ᠠ᠃ | 4. ᠠᠵᠢᠯ ᠤᠨ ᠪᠠᠶᠢᠷᠢ ᠶᠢᠨ ᠬᠡᠷᠡᠭᠰᠡᠬᠦ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ᠂ ᠲᠤᠰᠬᠠᠶ ᠮᠡᠷᠭᠡᠵᠢᠯ ᠤᠨ ᠨᠥᠬᠦᠴᠡᠯ ᠢ ᠪᠦᠷᠢᠳᠦᠭᠦᠯᠦᠭᠰᠡᠨ | ᠪᠠᠶᠢᠬᠤ ᠬᠡᠷᠡᠭᠲᠡᠶ᠃ | 5. 35 ᠪᠦᠬᠦᠯᠢ ᠨᠠᠰᠤᠨ ᠠᠴᠠ ᠳᠣᠷᠣᠭᠰᠢ᠂ 1988 ᠣᠨ ᠤ 7 ᠳ᠋ᠤᠭᠠᠷ ᠰᠠᠷ᠎ᠠ ᠶᠢᠨ 11 ᠤ ᠡᠳᠦᠷ ︵ᠪᠠᠭᠲᠠᠬᠤ ᠦᠭᠡᠶ︶ ᠠᠴᠠ ᠰᠡᠭᠦᠯᠡᠷ | ᠲᠦᠷᠦᠭᠰᠡᠨ ᠪᠠᠶᠢᠬᠤ ᠬᠡᠷᠡᠭᠲᠡᠢ᠃ | 6. ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠭᠡᠵᠦ ᠪᠠᠶᠢᠭ᠎ᠠ ᠪᠡᠶ᠎ᠡ ᠮᠠᠬᠠᠪᠣᠳ ᠤᠨ ᠨᠥᠬᠦᠴᠡᠯ ᠪᠠ ᠰᠡᠳᠬᠢᠴᠡ ᠶᠢᠨ ᠬᠡᠪ | ᠪᠣᠯᠪᠠᠰᠤᠷᠠᠯ ᠲᠠᠢ ᠪᠠᠶᠢᠬᠤ᠃ | 7. ᠠᠵᠢᠯ ᠤᠨ ᠪᠠᠶᠢᠷᠢ ᠶᠢᠨ ᠬᠡᠷᠡᠭᠰᠡᠬᠦ ᠬᠢᠷᠢ ᠭᠡᠮ ᠤᠨ ᠨᠥᠬᠦᠴᠡᠯ ᠵᠢᠴᠢ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ ᠶᠢ ᠪᠦᠷᠢᠳᠦᠭᠦᠯᠦᠭᠰᠡᠨ ᠪᠠᠶᠢᠬᠤ | ᠬᠡᠷᠡᠭᠲᠡᠶ᠃ | 8. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ | ︵ᠬᠤᠶᠠᠷ︶ ᠲᠤᠤᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠲᠤᠰ ᠤᠳᠠᠭᠠᠨ ᠤ ᠠᠳᠠᠯᠢᠳᠬᠠᠨ ᠰᠤᠩᠭᠤᠯᠲᠠ ᠳᠤ ᠤᠷᠤᠯᠴᠠᠵᠤ ᠪᠤᠯᠬᠤ ᠦᠭᠡᠢ | 1. ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ᠃ | 2. ᠬᠠᠤᠯᠢ ᠶᠣᠰᠣᠭᠠᠷ ᠢᠲᠡᠭᠡᠯ ᠢᠶᠠᠨ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠣᠷᠣᠭᠤᠯᠤᠭᠰᠠᠨ᠃ | 3. ᠬᠠᠤᠯᠢ ᠰᠠᠬᠢᠯᠭ᠎ᠠ ᠶᠢ ᠵᠥᠷᠢᠴᠡᠭᠰᠡᠨ ᠰᠡᠵᠢᠭᠯᠡᠯᠲᠡᠢ ᠡᠲᠡᠭᠡᠳ ᠶᠠᠭ ᠬᠠᠮᠢᠶ᠎ᠠ ᠪᠦᠬᠦᠢ ᠲᠤᠰᠬᠠᠢ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ ᠶᠢ | ᠬᠦᠯᠢᠶᠡᠨ ᠠᠪᠤᠭ᠎ᠠ ᠦᠭᠡᠢ᠃ | 4. ᠰᠡᠷᠡᠮᠵᠢᠯᠡᠭᠦᠯᠦᠨ ᠵᠣᠷᠢᠭᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠪᠤᠶᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ | ᠰᠢᠢᠳᠭᠡᠯ ᠥᠭᠬᠦ ᠵᠡᠷᠭᠡ ᠨᠥᠯᠥᠭᠡᠯᠡᠬᠦ ᠬᠤᠭᠤᠴᠠᠭ᠎ᠠ ᠨᠢ ᠳᠦᠭᠦᠷᠦᠭᠰᠡᠨ ᠦᠭᠡᠢ ᠪᠤᠶᠤ ᠬᠤᠭᠤᠴᠠᠭ᠎ᠠ ᠨᠢ ᠳᠠᠭᠤᠰᠴᠤ ᠬᠡᠷᠡᠭᠯᠡᠭᠡ ᠶᠢ ᠨᠥᠯᠥᠭᠡᠯᠡᠭᠰᠡᠨ ᠪᠠᠶᠢᠪᠠᠯ᠃ | 5. ᠲᠤᠷᠰᠢᠨ ᠬᠡᠷᠡᠭᠯᠡᠬᠦ ᠬᠤᠭᠤᠴᠠᠭᠠᠨ ᠳᠤ ︵ᠰᠢᠨ᠎ᠡ ᠪᠠᠷ ᠳᠡᠪᠰᠢᠭᠦᠯᠦᠨ ᠤᠷᠢᠵᠤ ᠬᠡᠷᠡᠭᠯᠡᠬᠦ ᠤᠳᠤᠷᠢᠳᠬᠤ ᠲᠤᠰᠢᠶᠠᠯ ᠤᠨ ᠲᠤᠷᠰᠢᠨ ᠬᠡᠷᠡᠭᠯᠡᠬᠦ | ᠬᠤᠭᠤᠴᠠᠭ᠎ᠠ ᠪᠠᠭᠲᠠᠨ᠎ᠠ︶ ᠪᠤᠶᠤ ᠦᠢᠯᠡᠴᠢᠯᠡᠭᠡᠨ ᠤ ᠬᠠᠮᠤᠭ ᠳᠣᠣᠷ᠎ᠠ ᠵᠢᠯ ᠨᠢ ᠳᠠᠭᠤᠰᠤᠭᠠᠳᠤᠶ᠃ | 6.2017 ᠣᠨ ᠠᠴᠠ ᠬᠤᠶᠢᠰᠢ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠨᠢ ᠲᠤᠬᠠᠢ ᠶᠢᠨ ᠭᠠᠵᠠᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠪᠠᠰᠠ ᠦᠢᠯᠡᠴᠢᠯᠡᠭᠡᠨ ᠤ ᠬᠤᠭᠤᠴᠠᠭᠠᠨ ᠳᠤ ᠪᠠᠶᠢᠭ᠎ᠠ ᠬᠥᠮᠥᠰ ᠢ ᠣᠷᠣᠭᠤᠯᠤᠨ ᠠᠪᠴᠢᠷᠠᠵᠤ᠂ ᠦᠢᠯᠡᠴᠢᠯᠡᠭᠡᠨ ᠤ ᠬᠤᠭᠤᠴᠠᠭ᠎ᠠ ᠲᠣᠭᠲᠠᠭᠠᠵᠤ | ᠳᠡᠶᠢᠯᠦᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠵᠠᠬ᠎ᠠ | ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠪᠤᠷᠢᠲᠠᠨ ᠤ ᠢᠯᠭᠤᠮ ᠪᠥᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ᠤᠨ ᠶᠣᠰᠣᠭᠠᠷ ᠬᠡᠷᠡᠭᠵᠢᠭᠦᠯᠵᠦ᠂ ᠦᠢᠯᠡᠴᠢᠯᠡᠭᠡᠨ ᠤ ᠬᠠᠮᠤᠭ ᠤᠨ ᠳᠣᠣᠷ᠎ᠠ ᠣᠨ ᠤ ᠬᠢᠵᠠᠭᠠᠷ ᠢ 3 ᠵᠢᠯ ᠢᠶᠠᠷ ᠡᠵᠡᠮᠳᠡᠪᠡ᠃ | 7. ᠠᠯᠪᠠᠲᠠᠨ ᠡᠯᠰᠡᠬᠦ᠂ ᠰᠢᠯᠢᠨ ᠰᠣᠩᠭᠤᠬᠤ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠳᠤᠮᠳᠠ ᠬᠠᠤᠯᠢ ᠶᠣᠰᠣ ᠶᠢ ᠬᠦᠨᠳᠦ | ᠨᠣᠴᠢᠲᠠᠶ ᠵᠥᠷᠢᠴᠡᠭᠰᠡᠨ ᠵᠡᠷᠭᠡ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ | ᠮᠠᠭᠠᠳᠯᠠᠨ ᠲᠣᠭᠲᠠᠭᠠᠭᠳᠠᠭᠰᠠᠨ ᠪᠥᠭᠡᠳ ᠰᠢᠯᠭᠠᠨ ᠪᠠᠶᠢᠴᠠᠭᠠᠬᠤ ᠶᠢ ᠴᠠᠭᠠᠵᠠᠯᠠᠭᠰᠠᠨ ᠬᠤᠭᠤᠴᠠᠭᠠᠨ ᠳᠤ ᠪᠠᠶᠢᠭ᠎ᠠ ᠬᠥᠮᠦᠰ᠃ | 8. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠵᠢᠴᠢ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠬᠠᠮᠢᠶ᠎ᠠ | ᠪᠦᠬᠦᠢ ᠠᠵᠢᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ | 9. ᠰᠢᠯᠵᠢᠭᠦᠯᠦᠭᠰᠡᠨ ᠤ ᠳᠠᠷᠠᠭ᠎ᠠ ᠳᠠᠷᠤᠢ ᠵᠠᠶᠢᠯᠠᠭᠤᠯᠬᠤ ᠪᠠᠶᠢᠳᠠᠯ ᠪᠦᠷᠢᠯᠳᠦᠭᠰᠡᠨ ᠪᠠᠶᠢᠪᠠᠯ᠃ | ᠲᠠᠪᠤ᠂ ᠠᠳᠠᠯᠢᠳᠬᠠᠨ ᠰᠣᠩᠭᠤᠬᠤ ᠠᠷᠭ᠎ᠠ ᠮᠠᠶ᠋ᠢᠭ | ᠬᠠᠷᠢᠴᠠᠭᠤᠯᠤᠨ ᠰᠣᠩᠭᠤᠬᠤ ᠳᠤ ᠰᠢᠯᠭᠠᠬᠤ ᠪᠠ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠭᠤᠣᠯᠳᠠᠯᠭ᠎ᠠ ᠲᠠᠢ | ᠠᠵᠢᠯ ᠤᠨ ᠪᠠᠶᠢᠷᠢ ᠶᠢᠨ ᠲᠣᠬᠢᠷᠠᠯᠴᠠᠬᠤ ᠬᠡᠮᠵᠢᠶ᠎ᠡ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠨ᠎ᠠ᠃ | ︵ᠨᠢᠭᠡ︶ ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠵᠦ ᠠᠮᠵᠢᠯᠲᠠ ᠣᠯᠤᠭᠰᠠᠨ ᠬᠥᠮᠦᠨ ᠤ ᠲᠤᠭ᠎ᠠ ᠬᠢᠭᠡᠳ ᠠᠳᠠᠯᠢᠳᠬᠠᠨ | ᠰᠣᠩᠭᠤᠬᠤ ᠬᠥᠮᠦᠨ ᠤ ᠲᠤᠭ᠎ᠠ ᠶᠢᠨ ᠬᠠᠷᠢᠴᠠᠯ ᠢ 3: 1 ᠠᠴᠠ ᠳᠣᠤᠷ᠎ᠠ ᠦᠭᠡᠶ ᠪᠠᠶᠢᠯᠭᠠᠨ᠎ᠠ᠃ | ︵ᠬᠤᠶᠠᠷ︶ ᠰᠢᠯᠭᠠᠯᠲᠠ ᠶᠢ ᠪᠢᠷ ᠤᠨ ᠰᠢᠯᠭᠠᠯᠲᠠ ᠪᠣᠯᠣᠨ ᠨᠢᠭᠤᠷᠳᠠᠨ ᠰᠢᠯᠭᠠᠯᠲᠠ ᠭᠡᠵᠦ ᠬᠤᠪᠢᠶᠠᠨ᠎ᠠ᠃ ᠪᠢᠷ ᠤᠨ ᠰᠢᠯᠭᠠᠯᠲᠠ ᠶᠢᠨ ᠬᠢᠷᠢ | ᠪᠦᠲᠦᠮᠵᠢ ᠶᠢᠨ ᠬᠢᠷᠢ ᠲᠡᠩᠴᠡᠭᠰᠡᠨ ᠬᠤᠪᠢ ᠶᠢᠨ ᠱᠤᠭᠤᠮ ᠠᠴᠠ ᠳᠡᠭᠡᠭᠰᠢ ᠥᠨᠳᠥᠷ ᠤᠨ ᠳᠠᠷᠠᠭᠠᠯᠠᠯ ᠲᠠᠢ ᠪᠠᠷ ᠬᠢᠷᠢ ᠬᠡᠮ ᠤᠨ ᠳᠠᠬᠢᠨ ᠬᠢᠨᠠᠬᠤ ᠪᠠᠷ | ᠵᠢᠱᠢᠭᠳᠡᠭᠴᠢ ᠶᠢ ᠲᠣᠭᠲᠠᠭᠠᠵᠤ᠂ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠬᠤᠪᠢ ᠶᠢᠨ ᠱᠤᠭᠤᠮ ᠠᠴᠠ ᠳᠡᠭᠡᠭᠰᠢᠬᠢ ᠥᠨᠳᠥᠷ ᠤᠨ | ᠬᠡᠮᠵᠢᠶ᠎ᠡ ᠠᠴᠠ ᠳᠣᠤᠷ᠎ᠠ ᠬᠦᠷᠲᠡᠯᠡᠬᠢ ᠳᠡᠰ ᠳᠠᠷᠠᠭᠠᠯᠠᠯ ᠢ ᠦᠨᠳᠦᠰᠦᠯᠡᠨ ᠰᠢᠨᠵᠢᠯᠡᠨ ᠪᠠᠶᠢᠴᠠᠭᠠᠬᠤ ᠵᠢᠱᠢᠭᠳᠡᠭᠴᠢ ᠶᠢ ᠲᠣᠭᠲᠠᠭᠠᠨ᠎ᠠ᠃ | ︵ᠭᠤᠷᠪᠠ︶ ᠠᠳᠠᠯᠢᠳᠬᠠᠨ ᠰᠣᠩᠭᠤᠬᠤ ᠡᠯ᠎ᠡ ᠭᠤᠭᠴᠤᠭ᠎ᠠ ᠳᠤ ᠳᠤᠲᠠᠭᠳᠠᠵᠤ ᠪᠠᠶᠢᠭ᠎ᠠ ᠲᠤᠭ᠎ᠠ ᠭᠠᠷᠤᠭᠰᠠᠨ ᠢ ᠲᠠᠰ ᠳᠠᠷᠠᠭᠠᠯᠠᠨ ᠨᠥᠬᠦᠪᠦᠷᠢᠯᠡᠵᠦ᠂ | ᠡᠯ᠎ᠡ ᠭᠤᠭᠴᠤᠭ᠎ᠠ ᠶᠢᠨ ᠨᠥᠬᠦᠪᠦᠷᠢ ᠶᠢ ᠵᠥᠪᠬᠡᠨ 1 ᠤᠳᠠᠭ᠎ᠠ ᠭᠦᠢᠴᠡᠳᠬᠡᠪᠡ᠃ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ ᠠᠵᠢᠯ ᠤᠨ | ᠪᠠᠶᠢᠷᠢ ᠠᠴᠠ ᠪᠠᠨ ᠰᠠᠯᠤᠭᠰᠠᠨ ᠨᠢ ᠨᠥᠬᠦᠪᠥᠷᠢ ᠥᠭᠬᠦ ᠦᠭᠡᠢ᠃ | ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠨᠡᠷ᠎ᠡ ᠮᠡᠳᠡᠭᠦᠯᠬᠦ ᠪᠠ ᠬᠢᠷᠢ ᠬᠡᠮ ᠤᠨ ᠬᠢᠨᠠᠨ ᠪᠠᠶᠢᠴᠠᠭᠠᠯᠲᠠ | ᠨᠡᠷ᠎ᠡ ᠮᠡᠳᠡᠭᠦᠯᠬᠦ ᠴᠠᠭ ᠨᠢ 2024 ᠣᠨ ᠤ 7 ᠳ᠋ᠤᠭᠠᠷ ᠰᠠᠷ᠎ᠠ ᠶᠢᠨ 11 ᠤ ᠡᠳᠦᠷ ᠤᠨ 09᠄ 00 — 7 ᠳ᠋ᠤᠭᠠᠷ ᠰᠠᠷ᠎ᠠ ᠶᠢᠨ 25 ᠤ ᠡᠳᠦᠷ ᠤᠨ | 17᠄ 30᠃ ᠪᠣᠳᠠᠲᠠᠶ ᠠᠯᠬᠤᠮ ᠳᠠᠷᠠᠭ᠎ᠠ ᠨᠢ ᠳᠣᠤᠷᠠᠬᠢ ᠮᠡᠲᠦ᠄ | 1. ᠨᠡᠷ᠎ᠡ ᠮᠡᠳᠡᠭᠦᠯᠦᠭᠰᠡᠨ ᠬᠥᠮᠦᠨ ᠲᠣᠭᠲᠠᠭᠰᠠᠨ ᠴᠠᠭ ᠲᠤ ᠮᠦᠩᠬᠡ ᠰᠤᠪᠠᠭ ᠲᠤ ᠡᠯᠰᠡᠬᠦ ᠨᠡᠷ᠎ᠡ ᠮᠡᠳᠡᠭᠦᠯᠬᠦ ᠰᠢᠰᠲ᠋ᠧᠮ ︵http://ks. | nmgmsz.com/exam/1458 ︶ ᠲᠤ ᠬᠦᠷᠴᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠦᠭᠰᠡᠨ | ᠮᠡᠳᠡᠭᠡ ᠵᠠᠩᠭᠢ ᠶᠢ ᠲᠠᠭᠯᠠᠵᠤ᠂ ᠨᠡᠷ᠎ᠡ ᠮᠡᠳᠡᠭᠦᠯᠦᠭᠰᠡᠨ ᠬᠥᠮᠦᠨ ᠨᠢᠭᠡᠪᠦᠷᠢ ᠵᠥᠪᠬᠡᠨ ᠨᠢᠭᠡ ᠠᠵᠢᠯ ᠤᠨ ᠪᠠᠶᠢᠷᠢ ᠲᠠᠭᠯᠠᠵᠤ᠂ ᠡᠷᠬᠡᠪᠰᠢ ᠬᠦᠴᠦᠨ ᠪᠥᠬᠦᠶ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠪᠤᠶᠤ ᠫᠠᠰᠫᠣᠷᠲ︶ ᠤᠨ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠵᠦ ᠪᠢᠷ ᠤᠨ ᠰᠢᠯᠭᠠᠯᠲᠠ᠂ ᠨᠢᠭᠤᠷᠲᠠᠨ | ᠰᠢᠯᠭᠠᠬᠤ ᠳᠤ ᠣᠷᠣᠯᠴᠠᠬᠤ ᠦᠶ᠎ᠡ ᠶᠢᠨ ᠬᠡᠷᠡᠭᠯᠡᠬᠦ ᠦᠨᠡᠮᠯᠡᠯ ᠨᠢ ᠡᠷᠬᠡᠪᠰᠢ ᠨᠢᠭᠡᠳᠦᠯᠲᠡᠶ ᠪᠠᠶᠢᠬᠤ ᠬᠡᠷᠡᠭᠲᠡᠶ᠃ | 2. ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠨᠡᠷ᠎ᠡ ᠮᠡᠳᠡᠭᠦᠯᠦᠭᠴᠢ ᠨᠢ ᠡᠷᠬᠡᠪᠰᠢ ᠪᠦᠷᠢᠨ ᠪᠦᠲᠦᠨ ︽2024 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠤᠨ | ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠵᠢᠯᠲᠠᠨ ᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ︵ᠳᠣᠷᠣᠭᠰᠢ ︽ | ᠬᠠᠷᠢᠴᠠᠭᠤᠯᠤᠨ ᠰᠣᠩᠭᠤᠵᠤ ᠨᠡᠷ᠎ᠡ ᠮᠡᠳᠡᠭᠦᠯᠬᠦ ᠬᠦᠰᠦᠨᠦᠭᠲᠦ︾ ᠭᠡᠵᠦ ᠲᠣᠪᠴᠢᠯᠠᠨ᠎ᠠ︶ ᠶᠢ ᠲᠠᠭᠯᠠᠵᠤ ᠠᠵᠢᠯᠯᠠᠬᠤ ᠨᠢᠭᠡᠴᠢ ᠪᠤᠶᠤ ᠵᠣᠬᠢᠶᠠᠨ ᠪᠠᠶᠢᠭᠤᠯᠬᠤ | ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠬᠤ ᠬᠡᠷᠡᠭᠲᠡᠶ᠃ | 3 . ᠨᠡᠷ᠎ᠡ ᠮᠡᠳᠡᠭᠦᠯᠦᠭᠴᠢ ᠠᠴᠠ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ ᠤ ᠳᠠᠷᠠᠭᠠᠬᠢ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ | ᠬᠦᠰᠦᠨᠦᠭᠲᠦ︾ ᠶᠢᠨ ᠰᠢᠷᠪᠢᠯᠲᠡ ᠶᠢᠨ ᠵᠦᠢᠯᠡᠰ ︵PDF ᠬᠡᠯᠪᠡᠷᠢ︶ ᠢ ᠲᠣᠭᠲᠠᠭᠰᠠᠨ ᠰᠢᠦᠳᠠᠨ ᠬᠠᠶᠢᠷᠴᠠᠭ ︵bzzxzgfs@163.com ︶ ᠲᠤ | ᠢᠯᠡᠭᠡᠵᠦ᠂ ᠹᠠᠺᠰ ᠢ ᠬᠦᠯᠢᠶᠡᠬᠦ ᠦᠭᠡᠢ᠃ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠳᠡᠭᠡᠭᠰᠢ ᠨᠡᠷ᠎ᠡ ᠮᠡᠳᠡᠭᠦᠯᠬᠦ ᠠᠯᠬᠤᠮ ᠳᠠᠷᠠᠭ᠎ᠠ ᠪᠠᠨ ᠪᠡᠶᠡᠯᠡᠭᠦᠯᠵᠦ | ᠳᠡᠶᠢᠯᠦᠭᠰᠡᠨ ᠦᠭᠡᠶ ᠪᠣᠯ ᠨᠡᠷ᠎ᠡ ᠮᠡᠳᠡᠭᠦᠯᠬᠦ ᠬᠢᠷᠢ ᠭᠡᠮ ᠢᠶᠠᠨ ᠲᠠᠶᠠᠭᠳᠠᠭᠰᠠᠨ ᠢᠶᠠᠷ ᠦᠵᠡᠨ᠎ᠡ᠃ | 4 . ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠠᠮᠵᠢᠨ ᠨᠡᠷ᠎ᠡ ᠮᠡᠳᠡᠭᠦᠯᠦᠭᠰᠡᠨ ᠰᠤᠷᠤᠭᠴᠢ 2024 ᠣᠨ ᠤ 7 ᠳ᠋ᠤᠭᠠᠷ ᠰᠠᠷ᠎ᠠ ᠶᠢᠨ 27 ᠤ | ᠡᠳᠦᠷ ᠤᠨ 10᠄ 00 ᠴᠠᠭ ᠠᠴᠠ 7 ᠳ᠋ᠤᠭᠠᠷ ᠰᠠᠷ᠎ᠠ ᠶᠢᠨ 29 ᠤ ᠡᠳᠦᠷ ᠤᠨ 17᠄ 30 ᠴᠠᠭ ᠲᠤ ᠨᠡᠷ᠎ᠡ ᠮᠡᠳᠡᠭᠦᠯᠦᠭᠰᠡᠨ ᠰᠦᠯᠵᠢᠶᠡᠨ ᠳᠡᠭᠡᠷ᠎ᠡ ᠪᠢᠷ ᠤᠨ | ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ ︵A4 ᠴᠠᠭᠠᠰᠤ︶ ᠢᠶᠠᠨ ᠪᠠᠭᠤᠯᠭᠠᠨ᠎ᠠ᠃ | 5. ᠨᠡᠷ᠎ᠡ ᠮᠡᠳᠡᠭᠦᠯᠦᠭᠰᠡᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠬᠢᠭᠡᠳ ᠠᠳᠠᠯᠢᠳᠬᠠᠬᠤ ᠪᠠᠷ ᠪᠠᠶᠢᠭ᠎ᠠ ᠬᠥᠮᠦᠨ ᠤ ᠲᠤᠭ᠎ᠠ ᠶᠢᠨ | ᠬᠠᠷᠢᠴᠠᠯ ᠨᠢ ᠲᠣᠭᠲᠠᠭᠠᠭᠰᠠᠨ ᠬᠠᠮᠤᠭ ᠤᠨ ᠳᠣᠤᠷ᠎ᠠ ᠰᠢᠯᠭᠠᠯᠲᠠ ᠶᠢᠨ ᠬᠠᠷᠢᠴᠠᠯ ᠳᠤ ᠬᠦᠷᠦᠭᠰᠡᠨ ᠦᠭᠡᠢ ᠭᠡᠵᠦ ᠨᠤᠲᠠᠯᠠᠭᠰᠠᠨ ᠪᠠᠶᠢᠪᠠᠯ᠂ ᠬᠥᠮᠦᠨ ᠰᠣᠩᠭᠤᠬᠤ | ᠲᠤᠭ᠎ᠠ ᠶᠢ ᠪᠠᠭᠠᠰᠬᠠᠬᠤ ᠪᠤᠶᠤ ᠰᠢᠯᠭᠠᠯᠲᠠ ᠨᠡᠭᠡᠭᠡᠬᠦ ᠶᠢ ᠬᠦᠴᠦᠨ ᠦᠭᠡᠢ ᠪᠣᠯᠭᠠᠨ᠎ᠠ᠃ ᠰᠢᠯᠭᠠᠯᠲᠠ ᠡᠬᠢᠯᠡᠬᠦ ᠲᠤᠰᠢᠶᠠᠯ ᠤᠨ ᠪᠠᠶᠢᠷᠢ ᠶᠢᠨ ᠨᠡᠷ᠎ᠡ | ᠮᠡᠳᠡᠭᠦᠯᠦᠭᠰᠡᠨ ᠢ ᠬᠦᠴᠦᠨ ᠦᠭᠡᠢ ᠪᠣᠯᠭᠠᠬᠤ ᠪᠤᠶᠤ ᠪᠤᠰᠤᠳ ᠲᠤᠰᠢᠶᠠᠯ ᠤᠨ ᠪᠠᠶᠢᠷᠢ ᠪᠠᠨ ᠥᠭᠡᠷᠡᠴᠢᠯᠡᠨ ᠮᠡᠳᠡᠭᠦᠯᠵᠦ ᠪᠣᠯᠤᠨ᠎ᠠ᠃ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠠᠵᠢᠯ ᠤᠨ ᠪᠠᠶᠢᠷᠢ ᠶᠢ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠰᠦᠯᠵᠢᠶ᠎ᠡ ︵https://zrzy.nmg.gov.cn/ ︶ ᠳᠡᠭᠡᠷ᠎ᠡ ᠨᠡᠶᠢᠲᠡᠯᠡᠪᠡ᠃ | ︵ᠬᠤᠶᠠᠷ︶ ᠪᠢᠷ ᠢᠶᠠᠷ ᠰᠢᠯᠭᠠᠬᠤ | 1. ᠪᠢᠷ ᠤᠨ ᠰᠢᠯᠭᠠᠯᠲᠠ ᠨᠢ ᠰᠢᠯᠭᠠᠯᠲᠠ ᠶᠢᠨ ᠰᠡᠳᠦᠪ ᠬᠢᠷᠢ ᠬᠡᠮ ᠲᠠᠢ ᠲᠤᠰᠠᠭᠠᠷ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠰᠡᠳᠦᠪ | ᠲᠣᠭᠲᠠᠭᠠᠯᠭᠠᠵᠤ᠂ ᠬᠢᠴᠢᠶᠡᠯ ᠲᠥᠷᠥᠯ ᠨᠢ ᠨᠢᠭᠡ ᠰᠠᠯᠠᠭ᠎ᠠ ᠲᠠᠢ᠂ ᠭᠤᠣᠯ ᠴᠢᠨᠠᠷ ᠲᠠᠢ ᠰᠢᠯᠭᠠᠯᠲᠠ ᠶᠢᠨ ᠰᠡᠳᠦᠪ ᠢ ᠬᠡᠷᠡᠭᠯᠡᠵᠦ᠂ ᠰᠢᠯᠭᠠᠯᠲᠠ ᠶᠢᠨ ᠬᠡᠪᠴᠢᠶ᠎ᠡ ᠪᠠ | ᠳᠠᠪᠲᠠᠬᠤ ᠮᠠᠲ᠋ᠧᠷᠢᠶᠠᠯ ᠢ ᠲᠣᠭᠲᠠᠭᠠᠬᠤ ᠦᠭᠡᠢ᠂ ᠰᠢᠯᠭᠠᠯᠲᠠ ᠶᠢᠨ ᠬᠠᠭᠤᠳᠠᠰᠤ ᠶᠢ ᠬᠠᠭᠠᠵᠤ ᠰᠢᠯᠭᠠᠭᠤᠯᠵᠤ᠂ ᠪᠢᠷ ᠤᠨ ᠰᠢᠯᠭᠠᠯᠲᠠ ᠶᠢᠨ ᠪᠦᠷᠢᠨ ᠬᠤᠪᠢ ᠨᠢ | 100 ᠬᠤᠪᠢ ᠪᠣᠯᠤᠨ᠎ᠠ᠃ | 2. ᠭᠤᠤᠯᠳᠠᠭᠤ ᠤᠯᠤᠰ ᠲᠥᠷᠥ ᠶᠢᠨ ᠬᠡᠪ ᠪᠣᠯᠪᠠᠰᠤᠷᠠᠯ᠂ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ᠂ ᠠᠰᠠᠭᠤᠳᠠᠯ ᠢ ᠵᠠᠳᠠᠯᠬᠤ ᠪᠠ | ᠰᠢᠢᠳᠪᠦᠷᠢᠯᠡᠬᠦ ᠴᠢᠳᠠᠪᠤᠷᠢ᠂ ᠡᠬᠡ ᠪᠢᠴᠢᠭ ᠪᠢᠴᠢᠬᠦ ᠴᠢᠳᠠᠪᠤᠷᠢ ᠵᠡᠷᠭᠡ ᠶᠢ ᠰᠢᠯᠭᠠᠨ ᠪᠠᠶᠢᠴᠠᠭᠠᠨ᠎ᠠ᠃ | 3. ᠪᠢᠷ ᠤᠨ ᠰᠢᠯᠭᠠᠯᠲᠠ ᠳᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠪᠠᠶᠢᠵᠤ᠂ | ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠠᠷᠢᠭᠤᠯᠬᠤ ᠬᠡᠷᠡᠭᠲᠡᠶ᠂ ᠲᠣᠭᠲᠠᠭᠰᠠᠨ ᠪᠤᠰᠤ ᠦᠰᠦᠭ ᠪᠢᠴᠢᠭ ᠢᠶᠠᠷ | ᠬᠠᠷᠢᠭᠤᠯᠪᠠᠯ ᠰᠢᠢᠳᠪᠦᠷᠢᠯᠡᠬᠦ ᠦᠭᠡᠢ᠃ | 4. ᠪᠢᠷ ᠤᠨ ᠰᠢᠯᠭᠠᠯᠲᠠ ᠶᠢᠨ ᠭᠠᠵᠠᠷ ᠢ ᠬᠥᠬᠡᠬᠤᠲᠠ ᠳᠤ ᠪᠠᠶᠢᠭᠤᠯᠵᠤ᠂ ᠪᠣᠳᠠᠲᠠᠶ ᠴᠠᠭ ᠬᠤᠭᠤᠴᠠᠭ᠎ᠠ᠂ ᠭᠠᠵᠠᠷ ᠲᠤ ᠰᠢᠯᠭᠠᠭᠤᠯᠬᠤ ᠵᠥᠪᠰᠢᠶᠡᠷᠡᠯ ᠤᠨ | ᠦᠨᠡᠮᠯᠡᠯ ᠣᠯᠭᠤᠨ᠎ᠠ᠃ ᠨᠡᠷ᠎ᠡ ᠮᠡᠳᠡᠭᠦᠯᠦᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ ︵ᠫᠠᠰᠫᠣᠷᠲ︶ ᠪᠠ ᠰᠢᠯᠠᠭᠠᠬᠤ ᠶᠢ ᠵᠥᠪᠰᠢᠶᠡᠷᠡᠭᠰᠡᠨ ᠦᠨᠡᠮᠯᠡᠯ ᠢᠶᠠᠨ | ᠠᠪᠴᠤ ᠪᠢᠴᠢᠭ ᠤᠨ ᠰᠢᠯᠭᠠᠯᠲᠠ ᠳᠤ ᠣᠷᠣᠯᠴᠠᠬᠤ ᠬᠡᠷᠡᠭᠲᠡᠶ᠃ | 5. ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ᠃ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠰᠦᠯᠵᠢᠶᠡᠨ ᠤ ᠥᠷᠲᠡᠭᠡᠨ ᠳᠤ ᠣᠷᠣᠵᠤ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠵᠢᠴᠢ ᠬᠠᠮᠤᠭ ᠳᠣᠣᠷ᠎ᠠ ᠬᠢᠷᠢ ᠲᠡᠩᠴᠡᠭᠰᠡᠨ ᠬᠤᠪᠢ ᠶᠢᠨ ᠱᠤᠭᠤᠮ ᠢ ᠪᠠᠶᠢᠴᠠᠭᠠᠨ ᠦᠵᠡᠵᠦ ᠪᠣᠯᠤᠨ᠎ᠠ᠃ | ︵ᠭᠤᠷᠪᠠ︶ ᠬᠢᠷᠢ ᠭᠡᠮ ᠤᠨ ᠳᠠᠬᠢᠨ ᠬᠢᠨᠠᠯᠲᠠ | 1. ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠷᠢ ᠲᠡᠩᠴᠡᠭᠰᠡᠨ ᠬᠤᠪᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ | ᠬᠥᠮᠥᠰ ᠤᠨ ᠳᠣᠲᠣᠷ᠎ᠠ᠂ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ ᠮᠡᠳᠡᠭᠦᠯᠦᠭᠰᠡᠨ ᠬᠥᠮᠥᠨ ᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ | ᠳᠣᠣᠷ᠎ᠠ ᠬᠦᠷᠲᠡᠯᠡᠬᠢ ᠳᠡᠰ ᠳᠠᠷᠠᠭᠠᠯᠠᠯ ᠪᠠ 3᠄ 1 ᠶᠢᠨ ᠬᠠᠷᠢᠴᠠᠯ ᠢᠶᠠᠷ ᠬᠢᠷᠢ ᠬᠡᠮ ᠢ ᠳᠠᠬᠢᠨ ᠬᠢᠨᠠᠬᠤ ᠬᠦᠷᠢᠶ᠎ᠡ ᠬᠡᠪᠴᠢᠶᠡᠨ ᠳᠤ ᠣᠷᠣᠭᠰᠠᠨ ᠬᠥᠮᠥᠰ ᠢ | ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠡᠷᠭᠡᠴᠡᠭᠦᠯᠦᠨ ᠵᠢᠭᠰᠠᠭᠠᠭᠰᠠᠨ ᠮᠦᠷᠲᠡᠭᠡᠨ 3᠄ 1 ᠠᠴᠠ ᠬᠡᠲᠦᠷᠡᠭᠰᠡᠨ ᠪᠣᠯ᠂ ᠬᠢᠷᠢ ᠭᠡᠮ ᠢ | ᠳᠠᠬᠢᠨ ᠬᠢᠨᠠᠬᠤ ᠬᠡᠪᠴᠢᠶᠡᠨ ᠳᠤ ᠣᠷᠤᠭᠤᠯᠵᠤ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠬᠠᠮᠤᠭ ᠳᠣᠣᠷ᠎ᠠ ᠬᠤᠪᠢ ᠨᠢ 3᠄ | 1 ᠳᠤ ᠬᠦᠷᠬᠦ ᠦᠭᠡᠢ ᠪᠣᠯ᠂ ᠪᠣᠲᠠᠲᠠᠢ ᠬᠦᠮᠦᠨ ᠤ ᠲᠤᠭ᠎ᠠ ᠪᠠᠷ ᠳᠠᠬᠢᠨ ᠬᠢᠨᠠᠭᠴᠢ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠬᠤ ᠬᠡᠷᠡᠭᠲᠡᠢ᠃ ᠬᠢᠷᠢ ᠬᠡᠮ ᠢ ᠳᠠᠬᠢᠨ | ᠬᠢᠨᠠᠬᠤ ᠵᠢᠴᠢ ᠳᠠᠷᠠᠭᠠᠯᠠᠨ ᠨᠥᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠬᠦ ᠦᠭᠡᠢ ᠪᠣᠯ᠂ ᠪᠣᠳᠠᠲᠠᠢ ᠬᠥᠮᠥᠨ ᠤ ᠲᠤᠭ᠎ᠠ ᠪᠠᠷ ᠨᠢᠭᠤᠷᠲᠠᠨ ᠰᠢᠯᠭᠠᠬᠤ | ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ᠃ | 2. ᠬᠢᠷᠢ ᠬᠡᠮ ᠢ ᠳᠠᠬᠢᠨ ᠬᠢᠨᠠᠬᠤ ᠪᠠ ᠨᠢᠭᠤᠷᠳᠠᠨ ᠰᠢᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ 5 ᠡᠳᠦᠷ ᠤᠷᠢᠳᠴᠢᠯᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠰᠦᠯᠵᠢᠶ᠎ᠡ ︵https://zrzy.nmg.gov.cn/ ︶ | ᠳᠡᠭᠡᠷ᠎ᠡ ᠵᠠᠷᠯᠠᠨ ᠨᠡᠶᠢᠲᠡᠯᠡᠨ᠎ᠡ᠃ ᠬᠢᠷᠢ ᠭᠡᠮ ᠤᠨ ᠳᠠᠬᠢᠨ ᠬᠢᠨᠠᠬᠤ ᠬᠡᠪᠴᠢᠶᠡᠨ ᠳᠤ ᠤᠷᠤᠭᠰᠠᠨ ᠨᠡᠷ᠎ᠡ ᠮᠡᠳᠡᠭᠦᠯᠦᠭᠰᠡᠨ ᠬᠥᠮᠦᠰ ᠲᠣᠭᠲᠠᠭᠰᠠᠨ ᠴᠠᠭ ᠪᠠ ᠭᠠᠵᠠᠷ | ᠣᠷᠣᠨ ᠤ ᠶᠣᠰᠣᠭᠠᠷ ᠬᠢᠷᠢ ᠭᠡᠮ ᠤᠨ ᠳᠠᠬᠢᠨ ᠬᠢᠨᠠᠬᠤ ᠳᠤ ᠣᠷᠣᠯᠴᠠᠬᠤ ᠬᠡᠷᠡᠭᠲᠡᠶ᠃ ᠲᠣᠭᠲᠠᠭᠰᠠᠨ ᠴᠠᠭ ᠨᠢ ᠳᠠᠭᠤᠰᠬᠤ ᠠᠴᠠ ᠡᠮᠦᠨ᠎ᠡ ᠬᠢᠷᠢ ᠭᠡᠮ ᠤᠨ ᠳᠠᠬᠢᠨ | ᠬᠢᠨᠠᠬᠤ ᠳᠤ ᠣᠷᠣᠯᠴᠠᠭᠰᠠᠨ ᠦᠭᠡᠶ ᠪᠣᠯ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ | 3. ᠰᠢᠯᠭᠠᠯᠲᠠ ᠳᠤ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠨᠢ ᠦᠨᠡᠨ ᠪᠣᠳᠠᠲᠠᠶ ᠣᠨᠣᠪᠴᠢᠲᠠᠶ ᠪᠠᠶᠢᠬᠤ ᠡᠰᠡᠬᠦ᠂ ᠨᠡᠷ᠎ᠡ ᠮᠡᠳᠡᠭᠦᠯᠦᠭᠰᠡᠨ ᠠᠵᠢᠯ ᠤᠨ | ᠪᠠᠶᠢᠷᠢ ᠶᠢᠨ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠶᠢ ᠳᠠᠬᠢᠨ ᠬᠢᠨᠠᠨ᠎ᠠ᠃ ᠮᠡᠳᠡᠭᠦᠯᠦᠨ ᠰᠢᠯᠭᠠᠭᠤᠯᠬᠤ ᠨᠥᠬᠦᠴᠡᠯ ᠳᠤ ᠨᠡᠶᠢᠴᠡᠬᠦ | ᠦᠭᠡᠶ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠦᠭᠰᠡᠨ ᠦᠭᠡᠶ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ ᠪᠤᠶᠤ ᠬᠤᠳᠠᠯ | ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠵᠤ᠂ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ | 4. ᠬᠢᠷᠢ ᠭᠡᠮ ᠢ ᠳᠠᠬᠢᠨ ᠬᠢᠨᠠᠬᠤ ᠭᠤᠭᠴᠤᠭ᠎ᠠ ᠳᠤ ᠣᠷᠣᠭᠰᠠᠨ ᠬᠥᠮᠥᠰ ︽ᠨᠡᠷ᠎ᠡ ᠶᠢ ᠰᠤᠩᠭᠤᠨ ᠮᠡᠳᠡᠭᠦᠯᠬᠦ ᠬᠦᠰᠦᠨᠦᠭᠲᠦ︾᠂ ᠰᠤᠷᠤᠯᠭ᠎ᠠ ᠶᠢᠨ | ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ | ᠨᠠᠮᠲᠠᠷ ᠤᠨ ᠦᠨᠡᠮᠯᠡᠯ ᠤᠨ ᠴᠠᠬᠢᠮ ᠳᠠᠩᠰᠠᠯᠠᠯ ᠤᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn ᠠᠴᠠ ᠪᠠᠭᠤᠯᠭᠠᠵᠤ ᠳᠠᠷᠤᠮᠠᠯᠯᠠᠬᠤ︶᠂ ︽ᠠᠯᠪᠠᠲᠠᠨ ᠡᠯᠰᠡᠨ | ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠪᠤᠶᠤ ︽ᠠᠯᠪᠠᠨ ᠠᠵᠢᠯᠲᠠᠨ ᠢ ᠡᠯᠰᠡᠨ ᠬᠡᠷᠡᠭᠯᠡᠬᠦ ᠳᠠᠩᠰᠠᠯᠠᠯ ᠤᠨ ᠬᠦᠰᠦᠨᠦᠭᠲᠦ︾ ᠵᠡᠷᠭᠡ ᠠᠯᠪᠠᠲᠠᠨ ︽ | ᠠᠯᠪᠠᠨ ᠠᠵᠢᠯᠲᠠᠨ ᠢ ᠡᠯᠰᠡᠨ ᠬᠡᠷᠡᠭᠯᠡᠬᠦ ᠳᠠᠩᠰᠠᠯᠠᠯ ᠤᠨ ᠬᠦᠰᠦᠨᠦᠭᠲᠦ︾ ᠪᠤᠶᠤ ︽ᠠᠯᠪᠠᠨ ᠠᠵᠢᠯ ᠳᠤ ᠣᠷᠣᠯᠴᠠᠭᠰᠠᠳ ᠢ ᠡᠯᠰᠡᠨ ᠬᠡᠷᠡᠭᠯᠡᠬᠦ ᠳᠠᠩᠰᠠᠯᠠᠯ ᠤᠨ | ᠬᠦᠰᠦᠨᠦᠭᠲᠦ︾ ᠵᠡᠷᠭᠡ ᠶᠢ ᠠᠪᠴᠤ ᠠᠯᠪᠠᠲᠠᠨ ︵ᠠᠯᠪᠠᠨ ᠠᠵᠢᠯ ᠳᠤ ᠣᠷᠣᠯᠴᠠᠭᠰᠠᠳ︶ ᠪᠠ ᠠᠵᠢᠯ ᠦᠢᠯᠡᠰ ᠤᠨ ᠨᠢᠭᠡᠴᠢ ᠶᠢᠨ ᠬᠤᠯᠪᠣᠭᠳᠠᠯ ᠪᠦᠬᠦᠢ | ᠮᠠᠲ᠋ᠧᠷᠢᠶᠠᠯ ᠤᠨ ᠪᠠᠭᠤᠯᠭᠠᠪᠤᠷᠢ ᠵᠦᠢᠯ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠦᠨᠡᠮᠯᠡᠯ ᠤᠨ ᠲᠡᠷᠢᠭᠦᠨ | ᠬᠠᠭᠤᠳᠠᠰᠤ ᠪᠠ ᠲᠤᠰ ᠬᠥᠮᠥᠨ ᠤ ᠨᠢᠭᠤᠷ ᠤᠨ ᠪᠠᠭᠤᠯᠭᠠᠪᠤᠷᠢ᠂ ᠤᠳᠠᠭ᠎ᠠ ᠪᠦᠷᠢ ᠶᠢᠨ ᠲᠤᠰᠢᠶᠠᠯ ᠤᠨ ᠬᠤᠪᠢᠷᠠᠯᠲᠠ ᠪᠠ ᠰᠢᠯᠵᠢᠭᠰᠡᠨ ᠬᠢᠨᠠᠨ ᠵᠥᠪᠰᠢᠶᠡᠷᠡᠬᠦ | ᠬᠦᠰᠦᠨᠦᠭᠲᠦ ᠪᠤᠶᠤ ᠪᠢᠴᠢᠭ ᠮᠠᠲ᠋ᠧᠷᠢᠶᠠᠯ ᠤᠨ ᠪᠠᠭᠤᠯᠭᠠᠪᠤᠷᠢ ︵ᠳᠡᠭᠡᠷᠡᠬᠢ ᠮᠠᠲ᠋ᠧᠷᠢᠶᠠᠯ ᠤᠨ ᠬᠠᠭᠤᠯᠪᠤᠷᠢ ᠨᠢ ᠡᠷᠬᠡᠪᠰᠢ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠪᠠᠶᠢᠭ᠎ᠠ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠲᠠᠮᠠᠭ᠎ᠠ ᠳᠠᠷᠤᠭᠰᠠᠨ ᠭᠡᠷᠡᠴᠢ︶᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ ᠣᠶᠢᠷ᠎ᠠ ᠶᠢᠨ ᠬᠤᠭᠤᠴᠠᠭᠠᠨ ᠤ 2 ᠢᠮᠠᠬᠤ | ᠭᠡᠷᠡᠯ ᠵᠢᠷᠤᠭ ︵3︶᠂ ︽ᠠᠳᠠᠯᠢᠳᠬᠠᠨ ᠰᠣᠩᠭᠤᠨ ᠮᠡᠳᠡᠭᠦᠯᠦᠭᠰᠡᠨ ᠨᠡᠷᠡᠰ ᠤᠨ ᠬᠦᠰᠦᠨᠦᠭᠲᠦ︾ ᠳᠤ ᠠᠵᠢᠯᠯᠠᠵᠤ ᠪᠠᠶᠢᠭᠰᠠᠨ ᠥᠩᠭᠡᠷᠡᠯᠲᠡ ᠪᠠ ᠠᠵᠢᠯ ᠤᠨ | ᠠᠮᠵᠢᠯᠲᠠ ᠪᠦᠲᠦᠮᠵᠢ ᠶᠢᠨ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠬᠠᠩᠭᠠᠨ᠎ᠠ᠃ | ︵ᠲᠦᠷᠪᠡ︶ ᠨᠢᠭᠤᠷᠳᠠᠨ ᠰᠢᠯᠭᠠᠬᠤ | 1. ᠨᠢᠭᠤᠷᠲᠠᠨ ᠰᠢᠯᠭᠠᠬᠤ ᠭᠠᠵᠠᠷ ᠢ ᠬᠥᠬᠡᠬᠤᠲᠠ ᠳᠤ ᠲᠣᠬᠢᠷᠠᠭᠤᠯᠵᠤ᠂ ᠬᠢᠷᠢ ᠬᠡᠮ ᠢ ᠳᠠᠬᠢᠨ ᠬᠢᠨᠠᠭᠠᠳ ᠬᠢᠷᠢ ᠲᠡᠩᠴᠡᠭᠰᠡᠨ ᠰᠢᠯᠭᠠᠭᠤᠯᠤᠭᠴᠢ ᠶᠢᠨ | ᠲᠠᠮᠠᠭ᠎ᠠ ᠳᠠᠷᠤᠭᠰᠠᠨ ︽ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ︾ ᠵᠢᠴᠢ ᠪᠡᠶ᠎ᠡ ᠶᠢᠨ ᠦᠨᠡᠮᠯᠡᠯ ︵ᠫᠠᠰᠫᠣᠷᠲ︶ ᠢᠶᠠᠨ ᠠᠪᠴᠤ᠂ ᠲᠣᠭᠲᠠᠭᠰᠠᠨ ᠴᠠᠭ ᠪᠠ | ᠭᠠᠵᠠᠷ ᠢᠶᠠᠷ ᠨᠢᠭᠤᠷᠲᠠᠨ ᠰᠢᠯᠭᠠᠬᠤ ᠳᠤ ᠣᠷᠣᠯᠴᠠᠨ᠎ᠠ᠃ ᠲᠣᠭᠲᠠᠭᠰᠠᠨ ᠴᠠᠭ ᠲᠠᠭᠠᠨ ᠨᠢᠭᠤᠷᠳᠠᠨ ᠰᠢᠯᠭᠠᠯᠲᠠ ᠳᠤ ᠣᠷᠣᠯᠴᠠᠵᠤ ᠳᠡᠶᠢᠯᠬᠦ ᠦᠭᠡᠢ ᠪᠣᠯ | ᠥᠪᠡᠷ ᠢᠶᠠᠨ ᠬᠠᠶᠠᠭᠰᠠᠨ ᠢᠶᠠᠷ ᠦᠵᠡᠨ᠎ᠡ᠃ | 2. ᠪᠣᠳᠠᠲᠠᠶ ᠲᠤᠬᠠᠶ ᠶᠢᠨ ᠲᠠᠯᠠᠪᠤᠷ ᠲᠤ ᠬᠦᠷᠴᠦ ᠨᠢᠭᠤᠷᠲᠠᠨ ᠰᠢᠯᠭᠠᠬᠤ ᠳᠤ ᠣᠷᠣᠯᠴᠠᠬᠤ ᠬᠥᠮᠦᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ | ᠪᠣᠳᠠᠲᠠᠶ ᠠᠳᠠᠯᠢᠳᠬᠠᠨ ᠰᠣᠩᠭᠤᠬᠤ ᠲᠥᠯᠥᠪᠯᠡᠭᠡ ᠶᠢᠨ ᠲᠤᠭ᠎ᠠ ᠠᠴᠠ ᠴᠥᠭᠡᠨ ᠪᠤᠶᠤ ᠪᠠᠭ᠎ᠠ ᠠᠵᠢᠯ ᠤᠨ ᠪᠠᠶᠢᠷᠢ ᠳᠤ ᠪᠣᠯ᠂ ᠨᠢᠭᠤᠷᠲᠠᠨ ᠰᠢᠯᠭᠠᠬᠤ ᠬᠢᠷᠢ | ᠪᠦᠲᠦᠮᠵᠢ ᠨᠢ ᠨᠢᠭᠤᠷᠲᠠᠨ ᠰᠢᠯᠭᠠᠬᠤ ᠬᠤᠪᠢ ᠶᠢᠨ ᠱᠠᠭᠠᠷᠳᠠᠯᠭ᠎ᠠ ᠳᠤ ᠬᠦᠷᠬᠦ ᠬᠡᠷᠡᠭᠲᠡᠶ᠃ | 3. ᠨᠢᠭᠤᠷᠳᠠᠬᠤ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠲᠠ ᠥᠭᠴᠦ᠂ ᠨᠢᠭᠤᠷᠳᠠᠬᠤ ᠰᠢᠯᠭᠠᠯᠲᠠ ᠶᠢᠨ | ᠪᠦᠷᠢᠨ ᠬᠤᠪᠢ ᠨᠢ 100 ᠬᠤᠪᠢ ᠪᠠᠶᠢᠬᠤ ᠬᠡᠷᠡᠭᠲᠡᠢ᠃ | 4. ᠨᠢᠭᠤᠷᠲᠠᠨ ᠰᠢᠯᠭᠠᠬᠤ ᠳᠤ ᠰᠢᠯᠭᠠᠯᠲᠠ ᠶᠢᠨ ᠰᠡᠳᠦᠪ ᠭᠠᠷᠭᠠᠬᠤ ᠬᠢᠷᠢ ᠬᠡᠮ ᠲᠠᠢ ᠪᠡᠶ᠎ᠡ ᠪᠠᠨ ᠳᠠᠭᠠᠭᠠᠭᠰᠠᠨ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠳᠤ ᠨᠠᠶᠢᠳᠠᠨ ᠰᠡᠳᠦᠪ ᠲᠣᠭᠲᠠᠭᠠᠯᠭᠠᠵᠤ᠂ ᠨᠢᠭᠤᠷᠲᠠᠨ ᠰᠢᠯᠭᠠᠬᠤ ᠠᠷᠭ᠎ᠠ ᠮᠠᠶ᠋ᠢᠭ ᠢ ᠠᠪᠤᠨ᠎ᠠ᠃ ᠨᠢᠭᠤᠷᠲᠠᠨ ᠰᠢᠯᠭᠠᠬᠤ ᠳᠤ ᠨᠢᠭᠤᠷᠳᠠᠨ | ᠰᠢᠯᠭᠠᠬᠤ ᠠᠵᠢᠯᠲᠠᠨ ᠤ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠶᠡᠷᠦᠩᠬᠡᠢ ᠵᠠᠳᠠᠯᠤᠯᠲᠠ᠂ ᠦᠭᠡ ᠬᠡᠯᠡᠨ ᠤ ᠢᠯᠡᠳᠬᠡᠯ | ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠨ᠎ᠠ᠃ | 5. ᠨᠡᠷ᠎ᠡ ᠮᠡᠳᠡᠭᠦᠯᠦᠭᠰᠡᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠪᠠ ᠰᠢᠨᠵᠢᠯᠡᠨ ᠪᠠᠶᠢᠴᠠᠭᠠᠬᠤ ᠪᠠᠷ ᠵᠢᠱᠢᠭᠳᠡᠭᠰᠡᠳ ᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠰᠦᠯᠵᠢᠶ᠎ᠡ ︵https://zrzy.nmg.gov. | cn/ ︶ ᠳᠡᠭᠡᠷ᠎ᠡ ᠨᠡᠶᠢᠲᠡᠯᠡᠪᠡ᠃ | ︵ᠲᠠᠪᠤ︶ ᠰᠢᠨᠵᠢᠯᠡᠨ ᠪᠠᠶᠢᠴᠠᠭᠠᠬᠤ | 1. ᠠᠵᠢᠯ ᠤᠨ ᠪᠠᠶᠢᠷᠢ ᠪᠦᠷᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠥᠰ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ | ᠥᠨᠳᠥᠷ ᠠᠴᠠ ᠳᠣᠤᠷ᠎ᠠ ᠬᠡᠮᠵᠢᠶᠡᠨ ᠳᠤ ᠬᠦᠷᠭᠡᠬᠦ ᠳᠡᠰ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠢ ᠤᠷᠢᠬᠤ ᠲᠥᠯᠥᠪᠯᠡᠭᠡ ᠶᠢᠨ ᠲᠤᠭ᠎ᠠ | ᠶᠣᠰᠣᠭᠠᠷ᠂ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠰᠡᠳ ᠢ ᠲᠡᠩᠴᠡᠭᠦᠦ ᠲᠤᠭ᠎ᠠ ᠪᠠᠷ ᠲᠣᠭᠲᠠᠭᠠᠨ᠎ᠠ᠃ ᠠᠳᠠᠯᠢ ᠨᠢᠭᠡ ᠠᠵᠢᠯ ᠤᠨ ᠪᠠᠶᠢᠷᠢ ᠨᠢ | ᠰᠢᠨᠵᠢᠯᠡᠨ ᠪᠠᠶᠢᠴᠠᠭᠠᠬᠤ ᠬᠡᠪᠴᠢᠶᠡᠨ ᠳᠤ ᠤᠷᠤᠭᠰᠠᠨ ᠬᠠᠮᠤᠭ ᠰᠡᠭᠦᠯᠴᠢ ᠶᠢᠨ ᠨᠢᠭᠡ ᠬᠢᠷᠢ ᠪᠦᠲᠦᠮᠵᠢ ᠢᠯᠡᠷᠡᠬᠦ ᠶᠢᠨ ᠬᠠᠮᠲᠤ ᠲᠣᠰ ᠠᠵᠢᠯ ᠤᠨ ᠪᠠᠶᠢᠷᠢ ᠶᠢᠨ | ᠪᠣᠳᠠᠲᠠᠶ ᠤᠷᠢᠨ ᠡᠯᠰᠡᠬᠦ ᠲᠥᠯᠥᠪᠯᠡᠭᠡ ᠶᠢᠨ ᠲᠤᠭ᠎ᠠ ᠠᠴᠠ ᠬᠡᠲᠦᠷᠡᠭᠰᠡᠨ ᠪᠠᠶᠢᠪᠠᠯ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠪᠣᠭᠤᠨᠢ ᠪᠠᠷ | ᠵᠢᠭᠰᠠᠭᠠᠵᠤ᠂ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠨ᠎ᠠ︔ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ | ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ | ᠨᠡᠮᠡᠵᠦ ᠰᠢᠯᠭᠠᠬᠤ ︵ᠨᠡᠮᠡᠬᠦ ᠲᠤᠷᠰᠢᠬᠤ ᠬᠡᠯᠪᠡᠷᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠶᠡᠷᠦᠩᠬᠡᠢ ᠪᠠᠲᠤᠯᠠᠭ᠎ᠠ ᠶᠢᠨ ᠲᠥᠪ ᠠᠴᠠ ᠪᠣᠳᠠᠲᠠᠶ ᠪᠠᠶᠢᠳᠠᠯ ᠢ ᠦᠨᠳᠦᠰᠦᠯᠡᠨ ᠲᠣᠭᠲᠠᠭᠠᠨ᠎ᠠ︶᠂ ᠲᠡᠩᠴᠡᠭᠦᠦ ᠲᠤᠭ᠎ᠠ ᠪᠠᠷ ᠰᠢᠨᠵᠢᠯᠡᠨ ᠪᠠᠶᠢᠴᠠᠭᠠᠬᠤ | ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠨ᠎ᠠ᠃ | 2. ᠰᠢᠨᠵᠢᠯᠡᠨ ᠪᠠᠶᠢᠴᠠᠭᠠᠬᠤ ᠠᠵᠢᠯ ᠨᠢ ᠤᠯᠤᠰ ᠲᠥᠷᠥ ᠶᠢᠨ ᠪᠠᠷᠢᠮᠵᠢᠶ᠎ᠠ ᠶᠢ ᠲᠤᠪᠤᠶᠢᠯᠭᠠᠵᠤ᠂ ᠰᠢᠨᠵᠢᠯᠡᠨ ᠪᠠᠶᠢᠴᠠᠭᠠᠭᠳᠠᠭᠰᠠᠳ ᠤᠨ ᠤᠯᠤᠰ | ᠲᠦᠷᠦ ᠶᠢᠨ ᠢᠯᠡᠷᠡᠯ᠂ ᠤᠯᠤᠰ ᠲᠦᠷᠦ ᠶᠢᠨ ᠬᠡᠯᠪᠡᠷᠢᠯ ᠪᠠ ᠤᠯᠤᠰ ᠲᠦᠷᠦ ᠶᠢᠨ ᠬᠡᠪ ᠴᠢᠨᠠᠷ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠵᠤ᠂ ᠤᠯᠤᠰ ᠲᠦᠷᠦ ᠶᠢᠨ ᠲᠠᠯ᠎ᠠ ᠪᠠᠷ ᠬᠢᠷᠢ | ᠲᠡᠩᠴᠡᠭᠰᠡᠨ ᠦᠭᠡᠢ ᠪᠠᠶᠢᠪᠠᠯ᠂ ᠡᠷᠡᠰ ᠡᠯᠰᠡᠨ ᠬᠡᠷᠡᠭᠯᠡᠬᠦ ᠦᠭᠡᠢ ᠪᠠᠶᠢᠬᠤ ᠬᠡᠷᠡᠭᠲᠡᠶ᠃ ᠡᠭᠦᠨ ᠤ ᠬᠠᠮᠲᠤ ᠰᠢᠯᠭᠠᠨ ᠪᠠᠶᠢᠴᠠᠭᠠᠭᠳᠠᠭᠰᠠᠳ ᠤᠨ ᠲᠤᠰᠬᠠᠶ | ᠮᠡᠷᠭᠡᠵᠢᠯ ᠤᠨ ᠬᠡᠪ ᠪᠣᠯᠪᠠᠰᠤᠷᠠᠯ ᠵᠢᠴᠢ ᠠᠵᠢᠯ ᠤᠨ ᠪᠣᠳᠠᠲᠤ ᠠᠮᠵᠢᠯᠲᠠ ᠶᠢ ᠣᠶᠢᠯᠠᠭᠠᠬᠤ ᠶᠢ ᠴᠢᠬᠤᠯᠠᠴᠢᠯᠠᠨ᠎ᠠ᠃ ᠬᠢᠨᠠᠨ ᠪᠠᠶᠢᠴᠠᠭᠠᠭᠳᠠᠭᠴᠢ ᠶᠢᠨ ᠪᠠᠶᠢᠭ᠎ᠠ | ᠨᠢᠭᠡᠴᠢ ᠨᠢ ᠬᠤᠯᠪᠣᠭᠳᠠᠯ ᠪᠦᠬᠦᠢ ᠪᠠᠶᠢᠳᠠᠯ ᠢᠶᠠᠨ ᠪᠤᠰᠤᠳᠴᠢ ᠪᠠᠷ᠂ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠬᠢᠨᠠᠨ ᠪᠠᠶᠢᠴᠠᠭᠠᠭᠳᠠᠭᠴᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠰᠠᠨᠠᠯ ᠭᠠᠷᠭᠠᠬᠤ ᠬᠡᠷᠡᠭᠲᠡᠶ᠃ | 3. ᠰᠢᠯᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠬᠥᠮᠦᠨ ᠤ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ᠂ ᠠᠵᠢᠯᠲᠠᠨ ᠤ ᠶᠠᠪᠤᠳᠠᠯ ᠢ | ᠵᠣᠬᠢᠴᠠᠯᠳᠤᠭᠤᠯᠬᠤ ᠵᠠᠷᠴᠢᠮ ᠶᠣᠰᠣᠭᠠᠷ᠂ 1᠄ 1 ᠶᠢᠨ ᠬᠠᠷᠢᠴᠠᠯ ᠢᠶᠠᠷ ᠰᠢᠯᠢᠳᠡᠭ ᠢ ᠨᠢ ᠰᠣᠩᠭᠤᠵᠤ ᠠᠳᠠᠯᠢᠳᠬᠠᠨ ᠰᠣᠩᠭᠤᠬᠤ ᠵᠢᠱᠢᠭᠳᠡᠭᠴᠢ ᠶᠢ ᠳᠤᠷᠠᠳᠤᠨ | ᠭᠠᠷᠭᠠᠪᠠ᠃ ᠲᠣᠬᠢᠷᠠᠮᠵᠢᠲᠠᠢ ᠬᠥᠮᠥᠨ ᠦᠭᠡᠢ ᠪᠣᠯ ᠡᠯᠰᠡᠬᠦ ᠦᠭᠡᠢ᠂ ᠲᠤᠰ ᠲᠥᠯᠥᠪᠯᠡᠭᠡ ᠶᠢ ᠬᠦᠴᠦᠨ ᠦᠭᠡᠢ ᠪᠣᠯᠭᠠᠨ᠎ᠠ᠃ | ︵ᠵᠢᠷᠭᠤᠭ᠎ᠠ︶ ᠵᠠᠷᠯᠠᠨ ᠨᠡᠶᠢᠲᠡᠯᠡᠬᠦ ᠪᠠ ᠠᠵᠢᠯ ᠤᠨ ᠪᠠᠶᠢᠷᠢ ᠪᠠᠷ ᠰᠢᠯᠭᠠᠨ ᠪᠠᠶᠢᠴᠠᠭᠠᠬᠤ | 1. ᠠᠵᠢᠯ ᠰᠢᠯᠵᠢᠭᠦᠯᠬᠦ ᠪᠠᠷ ᠪᠠᠶᠢᠭ᠎ᠠ ᠬᠥᠮᠥᠰ ᠤᠨ ᠨᠡᠷᠡᠰ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠠᠯᠪᠠᠨ ᠰᠦᠯᠵᠢᠶ᠎ᠡ ︵https://zrzy.nmg.gov.cn/ ︶ ᠳᠤ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ | ᠬᠤᠭᠤᠴᠠᠭ᠎ᠠ ᠨᠢ 7 ᠡᠳᠦᠷ ᠪᠣᠯᠣᠨ᠎ᠠ᠃ ᠡᠭᠦᠨ ᠤ ᠬᠠᠮᠲᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠲᠡᠯᠡᠵᠦ᠂ ᠨᠡᠶᠢᠭᠡᠮ ᠤᠨ | ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | 2. ᠨᠡᠶᠢᠲᠡ ᠳᠤ ᠵᠠᠷᠯᠠᠭᠰᠠᠨ ᠳᠤ ᠣᠨᠳᠣᠣ ᠰᠠᠨᠠᠯ ᠦᠭᠡᠢ ᠰᠢᠯᠵᠢᠭᠦᠯᠬᠦ ᠰᠠᠨᠠᠭ᠎ᠠ ᠲᠠᠢ ᠬᠥᠮᠥᠰ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠤᠰ ᠬᠥᠮᠥᠨ ᠤ ᠪᠠᠶᠢᠭ᠎ᠠ ᠨᠢᠭᠡᠴᠢ ᠳᠤ ᠪᠠᠨ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠬᠤ | ᠵᠠᠬᠢᠳᠠᠯ ᠶᠠᠪᠤᠭᠤᠯᠵᠤ᠂ ᠪᠠᠶᠢᠭ᠎ᠠ ᠨᠢᠭᠡᠴᠢ ᠪᠠᠷ ᠢᠶᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠤᠨ ᠠᠵᠢᠯ ᠤᠨ ᠪᠠᠶᠢᠷᠢ ᠳᠤ 3 ᠰᠠᠷ᠎ᠠ ᠰᠢᠨᠵᠢᠯᠡᠨ ᠪᠠᠶᠢᠴᠠᠭᠠᠨ᠎ᠠ᠃ | ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠬᠤ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠳ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠯᠵᠢᠭᠦᠯᠦᠨ ᠲᠣᠬᠢᠷᠠᠭᠤᠯᠬᠤ ᠭᠠᠷᠳᠠᠮ ᠭᠦᠢᠴᠡᠳᠬᠡᠨ᠎ᠡ︔ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠬᠤ ᠬᠤᠭᠤᠴᠠᠭᠠᠨ ᠳᠤ ᠢᠯᠡᠷᠡᠯ ᠨᠢ ᠬᠢᠷᠢ ᠲᠡᠩᠴᠡᠭᠰᠡᠨ | ᠦᠭᠡᠢ ᠪᠣᠯ᠂ ᠠᠳᠠᠯᠢᠳᠬᠠᠨ ᠰᠣᠩᠭᠤᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠤᠤᠯ ᠤᠨ ᠨᠢᠭᠡᠴᠢ ᠳᠡᠭᠡᠨ ᠪᠤᠴᠠᠭᠠᠵᠤ ᠠᠵᠢᠯᠯᠠᠭᠤᠯᠤᠨ᠎ᠠ᠃ | ︵ᠳᠤᠯᠤᠭ᠎ᠠ︶ ᠰᠢᠯᠵᠢᠨ ᠤᠷᠤᠭᠤᠯᠬᠤ ᠬᠦᠮᠦᠰ ᠢ ᠤᠷᠢᠨ ᠬᠡᠷᠡᠭᠯᠡᠬᠦ | ᠰᠢᠯᠵᠢᠭᠦᠯᠦᠨ ᠣᠷᠣᠭᠤᠯᠬᠤ ᠬᠥᠮᠦᠰ ᠤᠨ ᠤᠤᠯ ᠤᠨ ᠲᠤᠰᠢᠶᠠᠯ ᠤᠨ ᠳᠡᠰ᠂ ᠲᠤᠰᠬᠠᠶ ᠮᠡᠷᠭᠡᠵᠢᠯ ᠤᠨ ᠲᠤᠰᠢᠶᠠᠯ ᠪᠠ ᠠᠵᠢᠯ ᠤᠨ ᠪᠠᠶᠢᠷᠢ ᠶᠢᠨ | ᠬᠤᠭᠤᠰᠣᠨ ᠪᠠᠶᠢᠭ᠎ᠠ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠬᠡᠷᠡᠭᠲᠡᠶ᠃ | ᠳᠣᠯᠤᠭ᠎ᠠ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠳ᠋ᠢᠶᠠᠩᠬᠤᠸᠠ | ︵ᠨᠢᠭᠡ︶ ᠠᠵᠢᠯ ᠤᠨ ᠪᠠᠶᠢᠷᠢ ᠪᠠ ᠲᠦᠷᠦ ᠶᠢᠨ ᠪᠤᠳᠤᠯᠭ᠎ᠠ ᠶᠢᠨ ᠠᠰᠠᠭᠤᠨ ᠯᠠᠪᠯᠠᠬᠤ ᠤᠲᠠᠰᠤ | 0471 — 4216481 0471 — 4211401 | ︵ᠬᠤᠶᠠᠷ︶ ᠨᠡᠷ᠎ᠡ ᠮᠡᠳᠡᠭᠦᠯᠬᠦ ᠮᠡᠷᠭᠡᠵᠢᠯ ᠤᠨ ᠯᠠᠪᠯᠠᠯᠭ᠎ᠠ ᠶᠢᠨ ᠤᠲᠠᠰᠤ | 0471— 6294235 | ︵ᠭᠤᠷᠪᠠ︶ ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ | 0471 — 4215805 ᠂ 0471 — 4215802 | ᠲᠣᠰ ᠠᠯᠪᠠᠨ ᠵᠠᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ | ᠪᠠᠲᠤᠯᠠᠭ᠎ᠠ ᠶᠢᠨ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ | ᠪᠠᠲᠤᠯᠠᠭ᠎ᠠ ᠶᠢᠨ ᠲᠥᠪ ᠤᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ | 2. 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ | ᠪᠠᠲᠤᠯᠠᠭ᠎ᠠ ᠶᠢᠨ ᠲᠥᠪ ᠤᠨ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠵᠢᠯᠲᠠᠨ ᠤ ᠨᠡᠷ᠎ᠡ ᠮᠡᠳᠡᠭᠦᠯᠦᠭᠰᠡᠨ ᠬᠦᠰᠦᠨᠦᠭᠲᠦ | | ᠳᠠᠭᠠᠯᠳᠤᠭᠤᠯᠤᠯ ᠢ ᠪᠠᠭᠤᠯᠭᠠᠬᠤ | ᠳᠠᠭᠠᠯᠳᠤᠭᠤᠯᠤᠯ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ | ᠪᠠᠲᠤᠯᠠᠭ᠎ᠠ ᠶᠢᠨ ᠲᠥᠪ ᠤᠨ ᠥᠷᠢᠰᠥᠯᠳᠦᠬᠦ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ. xlsx | | | ᠳᠠᠭᠠᠯᠳᠤᠭᠤᠯᠤᠯ 2. 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠶᠡᠷᠦᠩᠬᠡᠢ ᠪᠠᠲᠤᠯᠠᠭ᠎ᠠ ᠶᠢᠨ ᠲᠥᠪ ᠤᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠨᠡᠷ᠎ᠡ ᠮᠡᠳᠡᠭᠦᠯᠦᠭᠰᠡᠨ ᠬᠦᠰᠦᠨᠦᠭᠲᠦ.docx | | |