ᠬᠥᠯᠥᠨ ᠪᠤᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ᠂ ᠪᠠᠶᠢᠭᠠᠯᠢ ᠶᠢᠨ ᠡᠬᠢ | ᠪᠠᠶᠠᠯᠢᠭ ᠤᠨ ︽ᠬᠤᠶᠠᠷ ᠢ ᠨᠢᠭᠡᠳᠬᠡᠬᠦ︾ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠬᠠᠮᠲᠤ ᠢᠳᠡᠪᠬᠢᠲᠡᠶ | ᠦᠷ᠎ᠡ ᠪᠦᠲᠦᠮᠵᠢ ᠤᠯᠪᠠ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠪᠥᠬᠦ ᠬᠤᠲᠠ ᠶᠢᠨ ᠶᠡᠭᠡ ᠲᠠᠯ᠎ᠠ ᠨᠤᠲᠤᠭ᠂ ᠶᠡᠭᠡ ᠣᠶ ᠰᠢᠭᠤᠶ᠂ ᠶᠡᠭᠡ ᠭᠤᠤᠯ | ᠨᠠᠭᠤᠷ᠂ ᠶᠡᠭᠡ ᠨᠤᠭᠤ ᠭᠠᠵᠠᠷ ᠤᠨ ᠠᠮᠢ ᠠᠬᠤᠶ ᠶᠢᠨ ᠡᠬᠢ ᠪᠠᠶᠠᠯᠢᠭ ᠤᠨ ᠦᠨᠳᠦᠰᠦᠨ ᠰᠠᠭᠤᠷᠢ ᠳᠤ ᠰᠠᠭᠤᠷᠢᠯᠠᠨ᠂ ᠶᠡᠭᠡ ᠬᠢᠩᠭᠠᠨ ᠳᠠᠪᠠᠭ᠎ᠠ ᠶᠢᠨ ᠣᠶ | ᠰᠢᠭᠤᠶ ᠶᠢᠨ ᠠᠮᠢ ᠠᠬᠤᠶ ᠶᠢᠨ ᠬᠠᠯᠬᠠᠪᠴᠢ᠂ ᠡᠷᠭᠦᠨ᠎ᠡ ᠭᠤᠤᠯ ᠤᠨ ᠤᠰᠤᠨ ᠰᠢᠰᠲ᠋ᠧᠮ᠂ ᠨᠤᠨ ᠮᠥᠷᠡᠨ ᠤ ᠤᠰᠤᠨ ᠰᠢᠰᠲ᠋ᠧᠮ᠂ ᠬᠥᠯᠥᠨ ᠪᠤᠶᠢᠷ ᠤᠨ ᠨᠤᠲᠤᠭ | ᠪᠡᠯᠴᠢᠭᠡᠷ ᠤᠨ ᠨᠤᠭᠤ ᠭᠠᠵᠠᠷ ᠵᠢᠴᠢ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ︽ᠨᠢᠭᠡ ᠬᠠᠯᠬᠠᠪᠴᠢ᠂ ᠬᠤᠶᠠᠷ ᠤᠰᠤ᠂ ᠨᠢᠭᠡ ᠣᠷᠣᠨ᠂ | ᠣᠯᠠᠨ ᠴᠡᠭ︾ ᠤᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠭᠦᠢᠴᠡᠳᠭᠡᠯ ᠲᠤᠭ᠎ᠠ ᠶᠢ ᠬᠠᠮᠢᠶᠠᠷᠤᠨ ᠡᠵᠡᠮᠳᠡᠬᠦ᠂ | ᠣᠷᠣᠨ ᠬᠤᠪᠢᠶᠠᠨ ᠵᠠᠰᠠᠬᠤ ᠪᠠ ᠣᠷᠣᠨ ᠵᠠᠶ ᠶᠢ ᠨᠠᠶᠢᠳᠠᠪᠤᠷᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ | ᠰᠡᠷᠭᠦᠭᠡᠬᠦ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ᠃ | ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 24855 ᠲᠦᠮᠡᠨ ᠮᠥ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠶᠢ 2320.67 | ᠲᠦᠮᠡᠨ ᠮᠥ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠲᠠᠯᠠᠪᠠᠶ ᠶᠢ 94.1 ᠲᠦᠮᠡᠨ ᠮᠥ ᠵᠠᠭᠠᠭᠯᠠᠨ ᠲᠣᠭᠲᠠᠭᠠᠵᠤ᠂ ︽ᠭᠤᠷᠪᠠᠨ ᠣᠷᠣᠨ | ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ | ᠬᠠᠭᠤᠳᠠᠰᠦ ᠵᠢᠷᠤᠭ︾ ᠲᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠬᠠᠲᠠᠭᠤ ᠬᠠᠮᠢᠶᠠᠷᠤᠨ ᠡᠵᠡᠮᠳᠡᠬᠦ ᠬᠡᠪᠴᠢᠶ᠎ᠡ ᠶᠢ | ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠪᠠ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠪᠡ᠃ | ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ | ᠠᠰᠢᠭᠯᠠᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠰᠢᠷᠣᠶ ᠶᠢ ᠨᠠᠷᠢᠯᠢᠭ ᠣᠨᠣᠴᠠᠲᠠᠶ ᠪᠠᠷ ᠳᠣᠭᠢᠷᠠᠭᠤᠯᠬᠤ᠂ ᠪᠦᠲᠦᠴᠡ ᠶᠢ | ᠰᠢᠯᠢᠳᠡᠭᠵᠢᠭᠦᠯᠬᠦ᠂ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠲᠠᠯ᠎ᠠ ᠪᠠᠷ᠂ ᠪᠥᠲᠥᠭᠡᠨ | ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠪᠥᠲᠥᠭᠡᠨ | ᠪᠠᠶᠢᠭᠤᠯᠤᠯᠲᠠ ᠳᠤ 72.9311 ᠾᠧᠺᠲ᠋ᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠵᠦ᠂ ᠪᠦᠬᠦᠨ ᠢ ︽ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ | ᠶᠢ ᠨᠠᠶᠢᠳᠠᠪᠤᠷᠢᠵᠢᠭᠤᠯᠪᠠ᠃ ᠭᠠᠵᠠᠷ ᠰᠢᠷᠣᠶ ᠶᠢ ᠡᠷᠴᠢᠮᠵᠢᠭᠦᠯᠦᠨ ᠬᠡᠷᠡᠭᠯᠡᠬᠦ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ ᠪᠥᠬᠦ ᠬᠤᠲᠠ ᠳᠤ ᠰᠢᠨ᠎ᠡ ᠪᠠᠷ ᠨᠡᠮᠡᠭᠳᠡᠭᠰᠡᠨ | ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠭᠦᠭᠰᠡᠨ ᠬᠡᠷᠡᠭ ᠤᠨ ᠵᠢᠱᠢᠶ᠎ᠡ 4 ᠪᠦᠯᠦᠭ 358.82 | ᠮᠥ ᠰᠢᠨ᠎ᠡ ᠪᠠᠷ ᠨᠡᠮᠡᠭᠳᠡᠵᠦ᠂ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ 3839 ᠲᠦᠮᠡᠨ ᠲᠥᠭᠦᠷᠢᠭ ᠲᠤ ᠬᠦᠷᠴᠦ᠂ ︽ᠪᠠᠷᠢᠮᠵᠢᠶᠠᠲᠤ ᠭᠠᠵᠠᠷ︾ ᠤᠨ | ᠰᠢᠯᠵᠢᠭᠦᠯᠦᠨ ᠥᠭᠭᠦᠭᠰᠡᠨ ᠬᠠᠷᠢᠴᠠᠯ ᠢ ᠦᠷᠭᠦᠯᠵᠢᠯᠡᠨ 100% ᠳᠤ ᠬᠦᠷᠭᠡᠪᠡ᠃ ᠭᠠᠵᠠᠷ ᠬᠡᠷᠡᠭᠯᠡᠬᠦ ᠳᠠᠯᠳᠠ ᠬᠦᠴᠦᠨ ᠢ ᠠᠭᠤᠳᠠᠯᠬᠤ ᠲᠠᠯ᠎ᠠ ᠪᠠᠷ᠂ 2023 | ᠣᠨ ᠠᠴᠠ ᠨᠠᠭᠠᠰᠢ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠨᠡᠶᠢᠲᠡ 3050 ᠮᠥ ᠰᠢᠢᠳᠪᠦᠷᠢᠯᠡᠵᠦ᠂ ᠵᠦᠪᠰᠢᠶᠡᠷᠡᠭᠰᠡᠨ ᠪᠣᠯᠪᠠᠴᠦ ᠬᠠᠩᠭᠠᠭᠰᠠᠨ ᠥᠬᠡᠶ | ᠭᠠᠵᠠᠷ ᠰᠢᠷᠣᠶ ᠶᠢ 8575 ᠮᠥ ᠰᠢᠩᠭᠡᠭᠡᠵᠦ᠂ ︽ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ︾ ᠲᠦᠰᠦᠯ ᠢ 2347 ᠮᠥ ᠬᠡᠷᠡᠭᠵᠢᠭᠦᠯᠵᠦ᠂ ᠭᠠᠵᠠᠷ ᠰᠢᠷᠣᠶ ᠶᠢᠨ | ᠲᠣᠬᠢᠷᠠᠭᠤᠯᠤᠯᠲᠠ ᠪᠠ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠠᠭᠤᠷᠬᠠᠶ ᠶᠢᠨ ᠭᠠᠵᠠᠷ ᠤᠨ ᠬᠥᠷᠥᠰᠥ ᠶᠢ ᠰᠡᠷᠭᠦᠭᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠡ | ᠵᠢᠯ ᠠᠴᠠ ᠨᠠᠭᠠᠰᠢ᠂ ᠤᠷᠢᠳ ᠬᠤᠵᠢᠳ ᠭᠠᠵᠠᠷ ᠰᠢᠨᠵᠢᠯᠡᠭᠡᠨ ᠤ ᠵᠠᠰᠠᠯᠲᠠ ᠶᠢᠨ 6 ᠲᠦᠰᠦᠯ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ | ᠠᠬᠤᠶ ᠶᠢ ᠰᠡᠷᠭᠦᠭᠡᠨ ᠵᠠᠰᠠᠬᠤ ᠲᠦᠰᠦᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 4097 ᠲᠦᠮᠡᠨ ᠲᠥᠭᠦᠷᠢᠭ ᠲᠤ ᠬᠦᠷᠴᠦ᠂ ᠵᠠᠰᠠᠭᠰᠠᠨ | ᠲᠠᠯᠠᠪᠠᠶ ᠨᠢ 300 ᠾᠧᠺᠲ᠋ᠠᠷ ᠲᠤ ᠬᠦᠷᠴᠡᠶ᠃ ᠪᠣᠬᠢᠷᠲᠤᠯ ᠥᠬᠡᠶ ᠠᠭᠤᠷᠬᠠᠶ ᠶᠢ ᠣᠷᠣᠭᠤᠯᠵᠤ ᠭᠠᠷᠭᠠᠬᠤ ᠲᠦᠷᠢᠮ ᠲᠠᠢ ᠪᠠᠶᠢᠬᠤ ᠶᠢ ᠴᠢᠩᠭ᠎ᠠ | ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ︽ᠬᠤᠣᠰ ᠲᠤᠬᠢᠶᠠᠯᠳᠤᠮᠵᠢ ᠨᠢᠭᠡ ᠢᠯᠡ︾ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠨᠠᠶᠢᠳᠠᠪᠤᠷᠢᠵᠢᠭᠤᠯᠵᠤ᠂ ᠣᠳᠣᠬᠠᠨ ᠳᠤ ᠪᠥᠬᠦ ᠬᠤᠲᠠ ᠳᠤ ᠨᠡᠶᠢᠲᠡ 24 ᠪᠣᠬᠢᠷᠲᠤᠯ ᠥᠬᠡᠶ ᠠᠭᠤᠷᠬᠠᠶ ᠲᠠᠢ᠂ ᠡᠭᠦᠨ ᠳᠤ ᠤᠯᠤᠰ ᠤᠨ ᠲᠠᠰ ᠤᠨ 6᠂ ᠥᠪᠡᠷᠲᠡᠭᠡᠨ | ᠵᠠᠰᠠᠬᠤ ᠣᠷᠣᠨ ᠤ ᠲᠠᠰ ᠤᠨ 18 ᠪᠣᠶ᠃ | | |