ᠮᠠᠨ ᠤ ᠠᠶᠢᠮᠠᠭ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠲᠦᠰᠢᠭᠯᠡᠨ ︽ ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ | ︾ ᠶᠢ ᠭᠦᠨᠵᠡᠭᠡᠶ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠤᠶᠤᠨᠴᠢᠯᠠᠯᠲᠠ᠂ ᠲᠣᠭᠠᠴᠢᠯᠠᠯᠲᠠ ᠪᠠ ᠮᠡᠳᠡᠭᠡ ᠵᠠᠩᠭᠢᠵᠢᠯᠲᠠ ᠶᠢ | ᠪᠡᠶᠡᠯᠡᠭᠦᠯᠵᠦ᠂ ᠣᠯᠠᠨ ᠲᠦᠮᠡᠨ ᠳᠤ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠦᠨᠡᠮᠯᠡᠯ ᠭᠦᠢᠴᠡᠳᠭᠡᠬᠦ ᠦᠢᠯᠡᠴᠢᠯᠡᠭᠡ ᠬᠠᠩᠭᠠᠪᠠ᠃ | ᠢᠨᠲ᠋ᠧᠷ ᠰᠦᠯᠵᠢᠶᠡᠨ ᠤ ︽ᠦᠢᠯᠡᠴᠢᠯᠡᠭᠡ︾ ᠶᠢᠨ ᠲᠥᠪᠰᠢᠨ ᠢ ᠪᠦᠬᠦ ᠬᠦᠴᠢ ᠪᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠥᠯᠥ ᠬᠥᠳᠡᠯᠬᠦ ᠬᠥᠷᠥᠩᠭᠡ ᠶᠢᠨ ︽ᠨᠢᠭᠡ ᠴᠣᠩᠬᠤᠪᠴᠢ ᠪᠠᠷ ᠭᠦᠢᠴᠡᠳᠬᠡᠬᠦ︾ ᠰᠢᠰᠲ᠋ᠧᠮ ᠳᠤ ᠲᠦᠰᠢᠭᠯᠡᠨ᠂ ᠨᠢᠭᠡᠳᠦᠯᠲᠡᠶ ︽ᠥᠯᠥ ᠬᠥᠳᠡᠯᠬᠦ ᠬᠥᠷᠥᠩᠭᠡ ᠶᠢᠨ | ᠨᠢᠭᠡ ᠴᠣᠩᠬᠤᠪᠴᠢ ᠪᠠᠷ ᠭᠦᠢᠴᠡᠳᠬᠡᠬᠦ ᠲᠠᠪᠴᠠᠩ︾ ᠢ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠢ ᠨᠢᠭᠡ ᠴᠣᠭᠴᠠᠵᠢᠭᠤᠯᠬᠤ | ᠲᠠᠪᠴᠠᠩ ᠳᠤ ᠭᠦᠨᠵᠡᠭᠡᠶ ᠠᠭᠤᠰᠤᠯᠴᠠᠬᠤ ᠶᠢᠨ ᠬᠠᠮᠲᠤ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠣᠷᠣᠨ︶ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠢ | ᠨᠡᠪᠲᠡᠷᠡᠭᠦᠯᠪᠡ᠃ ᠠᠵᠤ ᠠᠬᠤᠶᠢᠯᠠᠯ ᠪᠠ ᠣᠯᠠᠨ ᠲᠦᠮᠡᠨ ᠭᠠᠷ ᠤᠲᠠᠰᠤᠨ ᠤ APP᠂ ᠤᠯᠠᠨ ᠨᠡᠶᠢᠲᠡ ᠶᠢᠨ ᠸᠢᠴᠠᠲ ᠲᠠᠪᠴᠠᠩ᠂ ᠰᠦᠯᠵᠢᠶᠡᠨ ᠤ ᠨᠢᠭᠤᠷ ᠤᠨ | ᠬᠡᠪᠯᠡᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠵᠦ᠂ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠠᠭᠤᠯᠵᠠᠬᠤ ᠥᠬᠡᠶ ᠪᠠᠷ ᠭᠦᠢᠴᠡᠳᠭᠡᠬᠦ ᠶᠢ ᠪᠡᠶᠡᠯᠡᠭᠦᠯᠵᠦ ᠪᠣᠯᠤᠨ᠎ᠠ᠃ | ᠲᠤᠭ᠎ᠠ ᠪᠠᠷᠢᠮᠲᠠ ᠶᠢ ︽ᠬᠠᠮᠲᠤ ᠪᠠᠷ ᠡᠳ᠋ᠯᠡᠬᠦ︾ ᠲᠣᠭᠲᠠᠮᠠᠯ ᠬᠥᠷᠥᠩᠭᠡ ᠶᠢᠨ ᠳᠠᠩᠰᠠᠯᠠᠯ ᠳᠤ ᠬᠦᠴᠦᠨ ᠨᠡᠮᠡᠷᠢᠯᠡᠶ᠎ᠡ᠃ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠠᠷᠠᠳ ᠤᠨ ᠶᠠᠪᠤᠳᠠᠯ᠂ ᠬᠠᠤᠯᠢ | ᠴᠠᠭᠠᠵᠠ ᠵᠡᠷᠭᠡ 12 ᠰᠠᠯᠠᠭ᠎ᠠ ᠮᠥᠴᠢᠷ ᠯᠦᠭᠡ ︽ᠶᠡᠷᠦᠩᠬᠡᠶ ᠨᠡᠶᠢᠯᠡᠪᠦᠷᠢ︾ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠎ᠡ᠃ ᠪᠢᠴᠢᠭ ᠮᠠᠲ᠋ᠧᠷᠢᠶᠠᠯ ᠢ ᠴᠣᠮᠬᠠᠳᠬᠠᠵᠤ᠂ ᠤᠤᠯ ᠤᠨ 7 ᠬᠡᠷᠡᠭ ᠠᠴᠠ 3 ᠬᠤᠪᠢ ᠪᠣᠯᠭᠠᠨ ᠪᠠᠭᠠᠰᠬᠠᠵᠤ᠂ ᠭᠥᠯᠢᠶᠡᠨ ᠠᠪᠴᠤ ᠰᠢᠢᠳᠪᠦᠷᠢᠯᠡᠬᠦ | ᠴᠠᠭ ᠢ ᠪᠣᠭᠤᠨᠢᠰᠬᠠᠵᠤ᠂ ᠤᠤᠯ ᠤᠨ 45 ᠮᠢᠨᠦ᠋ᠲ ᠠᠴᠠ 25 ᠮᠢᠨᠦ᠋ᠲ ᠪᠣᠯᠭᠠᠨ ᠪᠣᠭᠤᠨᠢᠰᠬᠠᠵᠤ᠂ ᠣᠯᠠᠨ ᠲᠦᠮᠡᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ︽ᠨᠢᠭᠡ ᠴᠣᠩᠬᠤᠪᠴᠢ ᠪᠠᠷ ᠭᠦᠢᠴᠡᠳᠬᠡᠬᠦ︾ ᠳᠤᠮᠳᠠ ᠰᠦᠯᠵᠢᠶᠡᠨ ᠳᠡᠭᠡᠷ᠎ᠡ ᠭᠠᠶᠢᠯᠢ ᠲᠤᠰᠢᠶᠠᠬᠤ ᠶᠢ ᠪᠡᠶᠡᠯᠡᠭᠦᠯᠵᠦ᠂ ᠳᠥᠭᠦᠮ ᠳᠥᠲᠡ | ᠠᠵᠢᠯᠯᠠᠬᠤ ᠶᠢᠨ ᠬᠠᠮᠲᠤ ᠰᠦᠯᠵᠢᠶᠡᠨ ᠳᠡᠭᠡᠷ᠎ᠡ ᠡᠯᠧᠺᠲᠷᠣᠨ ᠪᠠᠷᠢᠮᠲᠠ ᠭᠤᠶᠤᠴᠢᠯᠠᠵᠤ ᠪᠣᠯᠤᠨ᠎ᠠ᠃ | ᠦᠯᠦ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ︽ᠰᠢᠭᠤᠳ ᠬᠤᠯᠪᠤᠬᠤ︾ ᠠᠷᠠᠳ ᠲᠤ ᠳᠥᠭᠦᠮ ᠦᠵᠡᠭᠦᠯᠵᠡᠢ᠃ ᠥᠯᠥ ᠬᠥᠳᠡᠯᠬᠦ ᠬᠥᠷᠥᠩᠭᠡ ᠶᠢ | ᠳᠡᠩᠰᠡᠯᠡᠨ ᠲᠡᠮᠳᠡᠭᠯᠡᠬᠦ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠠᠰ ᠳᠡᠪᠰᠢᠭᠦᠯᠵᠦ᠂ ᠰᠦᠯᠵᠢᠶᠡᠨ ᠳᠡᠭᠡᠷ᠎ᠡ ︽ᠢᠨᠲ᠋ᠧᠷ ᠰᠦᠯᠵᠢᠶᠡᠨ ᠤ ᠥᠯᠥ | ᠬᠥᠳᠡᠯᠬᠦ ᠬᠥᠷᠥᠩᠭᠡ ᠶᠢ ᠬᠢᠨᠠᠨ ᠵᠥᠪᠰᠢᠶᠡᠷᠡᠬᠦ ᠰᠢᠰᠲ᠋ᠧᠮ ᠤᠨ ᠣᠶᠤᠨᠴᠢ ᠲᠦᠷᠭᠡᠨ︾ ᠴᠢᠳᠠᠮᠵᠢ᠃ ᠭᠤᠶᠤᠴᠢᠯᠠᠭᠴᠢ ᠨᠢ ᠰᠦᠯᠵᠢᠶᠡᠨ ᠳᠡᠭᠡᠷ᠎ᠡ ᠮᠠᠲ᠋ᠧᠷᠢᠶᠠᠯ ᠢᠶᠠᠨ | ᠲᠤᠰᠢᠶᠠᠭᠰᠠᠨ ᠤ ᠳᠠᠷᠠᠭ᠎ᠠ᠂ 1 ᠮᠢᠨᠦ᠋ᠲ ᠤᠨ ᠳᠣᠲᠣᠷ᠎ᠠ ᠠᠦ᠋ᠲ᠋ᠣ᠋ ᠬᠢᠨᠠᠨ ᠬᠠᠷᠭᠤᠭᠤᠯᠬᠤ᠂ ᠳᠠᠩᠰᠠᠯᠠᠬᠤ ᠭᠠᠷ ᠭᠦᠢᠴᠡᠳᠬᠡᠯ ᠢ ᠬᠢᠵᠦ ᠪᠣᠯᠤᠨ᠎ᠠ᠂ ᠪᠠᠷᠢᠴᠠᠭᠠᠨ ᠤ | ᠡᠷᠬᠡ ᠶᠢᠨ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢ ᠳᠠᠭᠢᠵᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠴᠠᠭᠠᠰᠤᠨ ᠭᠡᠷᠡᠴᠢ ᠭᠠᠷᠭᠠᠵᠤ ᠪᠣᠯᠬᠤ | ᠦᠭᠡᠢ᠃ 2024 ᠣᠨ ᠳᠤ᠂ ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ︽ᠢᠨᠲ᠋ᠧᠷ ᠰᠦᠯᠵᠢᠶ᠎ᠡ + ᠥᠯᠥ ᠬᠥᠳᠡᠯᠬᠦ | ᠬᠥᠷᠥᠩᠭᠡ ᠶᠢᠨ ᠬᠢᠨᠠᠨ ᠵᠥᠪᠰᠢᠶᠡᠷᠡᠬᠦ ᠰᠢᠰᠲ᠋ᠧᠮ ᠤᠨ ᠣᠶᠤᠨᠴᠢ ᠲᠦᠷᠭᠡᠨ︾ ᠴᠢᠳᠠᠮᠵᠢ ᠪᠠᠷ ᠳᠠᠮᠵᠢᠭᠤᠯᠤᠨ 4700 ᠭᠠᠷᠤᠶ ᠲᠤᠬᠠᠶᠢᠯᠠᠭᠰᠠᠨ ᠠᠵᠢᠯ ᠢ | ᠪᠡᠶᠡᠯᠡᠭᠦᠯᠵᠦ᠂ 71.27% ᠶᠢᠨ ᠪᠠᠷᠢᠴᠠᠭᠠᠨ ᠤ ᠡᠷᠬᠡ ᠶᠢᠨ ᠤᠷᠢᠳᠴᠢᠯᠠᠨ ᠮᠡᠳᠡᠭᠳᠡᠬᠦ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ︽ᠤᠶᠤᠨᠴᠢ ᠲᠦᠷᠭᠡᠨ | ᠬᠢᠨᠠᠨ ᠵᠦᠪᠰᠢᠶᠡᠷᠡᠬᠦ︾ ᠶᠢ ᠪᠡᠶᠡᠯᠡᠭᠦᠯᠪᠡ᠃ | | |