ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ 2024 ᠣᠨ ᠤ ᠬᠥᠮᠥᠷᠭᠡ ᠳᠤ ᠣᠷᠣᠭᠤᠯᠬᠤ ᠲᠤᠰᠬᠠᠢ ᠮᠡᠷᠭᠡᠵᠢᠯᠲᠡᠨ ᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/24
  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠶᠢᠳᠠᠯᠭ᠎ᠠ ᠪᠠᠷ ︽︿ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2023﹈ 31 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠰᠢᠯᠢᠨ ᠰᠣᠩᠭᠤᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠠ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠪᠢ ᠬᠥᠮᠦᠨ ᠭᠤᠶᠤᠴᠢᠯᠠᠬᠤ᠂ ᠪᠠᠶᠢᠭ᠎ᠠ ᠨᠢᠭᠡᠴᠢ ᠳᠡᠭᠡᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠰᠦᠯᠵᠢᠶᠡᠨ ᠳᠡᠭᠡᠷ᠎ᠡ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠪᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠶᠢ ᠵᠠᠷᠯᠠᠨ    ᠨᠡᠶᠢᠲᠡᠯᠡᠪᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠳ ᠤᠨ ᠣᠨᠳᠣᠤ ᠰᠠᠨᠠᠯ ᠢ ᠣᠯᠤᠭᠰᠠᠨ ᠦᠭᠡᠢ᠃  ᠡᠳᠦᠭᠡ ᠵᠠᠷᠯᠠᠨ ᠨᠡᠶᠢᠲᠡᠯᠡᠭᠰᠡᠨ ᠤ ᠳᠠᠷᠠᠭᠠᠬᠢ 259 ᠲᠤᠰᠬᠠᠶ ᠮᠡᠷᠭᠡᠵᠢᠯᠲᠡᠨ ︵ᠨᠡᠷᠡᠰ ᠢ ᠳᠠᠭᠠᠯᠳᠤᠭᠤᠯᠤᠯ ᠨᠢᠭᠡ ᠳᠤ ᠦᠵᠡ︶ ᠪᠠ 69 ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ︵ᠨᠡᠷᠡᠰ ᠢ ᠳᠠᠭᠠᠯᠳᠤᠭᠤᠯᠤᠯ ᠬᠤᠶᠠᠷ ᠲᠤ ᠦᠵᠡ︶ ᠶᠢ ᠵᠠᠷᠯᠠᠨ ᠨᠡᠶᠢᠲᠡᠯᠡᠪᠡ᠃ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ᠂ ᠲᠤᠰᠬᠠᠶ ᠮᠡᠷᠭᠡᠵᠢᠯᠲᠡᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ︾ ᠳᠤ ᠣᠷᠣᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ᠂ ᠬᠠᠤᠯᠢ ᠪᠤᠰᠤ ᠪᠠᠷ ᠠᠭᠤᠷᠬᠠᠶ ᠮᠠᠯᠲᠠᠬᠤ ︵ᠡᠪᠳᠡᠯᠡᠭᠡ ᠶᠢᠨ ᠴᠢᠨᠠᠷᠲᠠᠶ ᠠᠭᠤᠷᠬᠠᠶ ᠮᠠᠯᠲᠠᠬᠤ︶ ᠶᠢᠨ ᠬᠤᠬᠢᠷᠠᠯ ᠢ ᠬᠢᠨᠠᠨ ᠲᠣᠭᠲᠠᠭᠠᠬᠤ᠂ ᠳᠠᠷᠤᠭᠰᠠᠨ ᠢ ᠪᠠᠶᠢᠴᠠᠭᠠᠨ ᠯᠠᠪᠯᠠᠵᠤ ᠳᠠᠬᠢᠨ ᠬᠢᠨᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠪᠦᠷᠢᠳᠬᠡᠬᠦ ᠵᠢᠴᠢ ᠠᠶᠢᠮᠠᠭ ᠬᠤᠲᠠ ᠶᠢᠨ ᠬᠠᠮᠢᠶ᠎ᠠ ᠪᠥᠬᠦᠶ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤ ᠦᠢᠯᠡᠴᠢᠯᠡᠭᠦᠯᠦᠨ᠎ᠡ᠃  ᠳᠠᠭᠠᠯᠳᠤᠭᠤᠯᠤᠯ᠄ 1.2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠨᠡᠷᠡᠰ  2.2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠶᠢᠨ ᠨᠡᠷᠡᠰ  ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ  2024 ᠣᠨ ᠤ 7 ᠳ᠋ᠤᠭᠠᠷ ᠰᠠᠷ᠎ᠠ ᠶᠢᠨ 24 ᠤ ᠡᠳᠦᠷ  ᠳᠠᠭᠠᠯᠳᠤᠭᠤᠯᠤᠯ 1᠄ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠨᠡᠷᠡᠰ . xlsx

  ᠳᠠᠭᠠᠯᠳᠤᠭᠤᠯᠤᠯ 2᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ

ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠶᠢᠨ ᠨᠡᠷᠡᠰ .

xlsx

 

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ
Baidu
map