ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠴᠣᠬᠢᠯᠲᠠ ᠥᠭᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/8
  ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠡᠮᠬᠢ ᠳᠢᠭᠯᠢᠮ ᠢ ᠵᠢᠷᠤᠮᠵᠢᠭᠤᠯᠵᠤ᠂ ᠬᠠᠤᠯᠢ ᠪᠤᠰᠤ ᠪᠠᠷ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠬᠡᠨ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠴᠣᠬᠢᠯᠲᠠ ᠥᠭᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠲᠤᠰᠬᠠᠶ ᠠᠵᠢᠯᠯᠠᠭ᠎ᠠ ᠥᠷᠨᠢᠭᠦᠯᠪᠡ᠃  ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠶᠡᠷᠦᠩᠬᠡᠶ ᠬᠢᠨᠠᠨ ᠪᠠᠶᠢᠴᠠᠭᠠᠬᠤ ᠳᠤᠭᠤᠶᠢᠯᠠᠩ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠰ ᠤᠳᠠᠭᠠᠨ ᠤ ᠲᠤᠰᠬᠠᠶ ᠠᠵᠢᠯᠯᠠᠭ᠎ᠠ ᠶᠢᠨ ᠭᠤᠤᠯᠳᠠᠯᠭ᠎ᠠ᠂ ᠬᠦᠴᠢᠷᠳᠡᠯ ᠢ ᠲᠣᠳᠣᠷᠬᠠᠶᠢᠯᠠᠵᠤ᠂ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠬᠠᠤᠯᠢ ᠪᠤᠰᠤ ᠪᠠᠷ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠠᠮᠢ ᠠᠬᠤᠶ ᠶᠢ ᠰᠡᠷᠭᠦᠭᠡᠬᠦ᠂ ᠭᠠᠵᠠᠷ ᠤᠨ ᠭᠠᠶ ᠭᠠᠮᠰᠢᠭ ᠢ ᠵᠠᠰᠠᠬᠤ᠂ ᠠᠮᠤᠷ ᠲᠦᠪᠰᠢᠨ ᠤ ᠳᠠᠯᠳᠠ ᠬᠡᠮ ᠢ ᠵᠠᠰᠠᠬᠤ᠂ ᠬᠠᠵᠠᠭᠤ ᠬᠥᠲᠥᠯ ᠢ ᠵᠠᠰᠠᠬᠤ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ᠂ ᠭᠠᠵᠠᠷ ᠰᠢᠷᠣᠶ ᠶᠢ ᠡᠮᠬᠢᠯᠡᠬᠦ ᠵᠡᠷᠭᠡ ᠡᠯ᠎ᠡ ᠲᠥᠷᠥᠯ ᠤᠨ ᠰᠡᠷᠭᠦᠭᠡᠨ ᠵᠠᠰᠠᠬᠤ ᠨᠡᠷ᠎ᠡ ᠪᠠᠷ ᠬᠠᠤᠯᠢ ᠪᠤᠰᠤ ᠪᠠᠷ ᠠᠭᠤᠷᠬᠠᠶ ᠮᠠᠯᠲᠠᠬᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠭᠦᠨ᠎ᠡ︔ ᠲᠦᠷ ᠴᠠᠭ ᠬᠡᠷᠡᠭᠯᠡᠬᠦ ᠭᠠᠵᠠᠷ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ᠂ ᠲᠦᠰᠦᠯ ᠪᠥᠲᠥᠭᠡᠨ ᠪᠠᠶᠢᠭᠤᠯᠤᠯᠲᠠ ᠵᠡᠷᠭᠡ ᠨᠡᠷ᠎ᠡ ᠪᠠᠷ ᠬᠠᠤᠯᠢ ᠪᠤᠰᠤ ᠪᠠᠷ ᠠᠭᠤᠷᠬᠠᠶ ᠮᠠᠯᠲᠠᠬᠤ ︔ ᠦᠨᠡᠮᠯᠡᠯ ᠦᠭᠡᠢ ᠪᠤᠶᠤ ᠬᠤᠭᠤᠴᠠᠭ᠎ᠠ ᠨᠢ ᠥᠩᠭᠡᠷᠡᠭᠰᠡᠨ ᠴᠤ ᠬᠦᠴᠦᠨ ᠦᠭᠡᠢ ᠵᠥᠪᠰᠢᠶᠡᠷᠡᠯ ᠤᠨ ᠦᠨᠡᠮᠯᠡᠯ ᠢᠶᠠᠨ ᠠᠪᠴᠤ ᠨᠡᠭᠡᠭᠡᠨ ᠮᠠᠯᠲᠠᠬᠤ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠢᠶᠠᠨ ᠠᠪᠴᠤ ᠠᠭᠤᠷᠬᠠᠶ ᠮᠠᠯᠲᠠᠬᠤ ᠪᠤᠶᠤ ᠠᠭᠤᠷᠬᠠᠶ ᠶᠢᠨ ᠲᠥᠷᠥᠯ ᠨᠢ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠲᠠᠢ ᠨᠡᠶᠢᠴᠡᠬᠦ ᠦᠭᠡᠢ᠂ ︽ᠰᠢᠷᠭᠤᠯᠵᠢ ᠶᠢᠨ ᠭᠡᠷ ᠨᠡᠭᠦᠯᠭᠡᠬᠦ︾ ᠮᠠᠶ᠋ᠢᠭ ᠤᠨ ᠬᠤᠯᠠᠭᠠᠶᠢᠯᠠᠨ ᠮᠠᠯᠲᠠᠬᠤ ᠵᠡᠷᠭᠡ ᠬᠠᠤᠯᠢ ᠪᠤᠰᠤ ᠪᠠᠷ ᠠᠭᠤᠷᠬᠠᠶ ᠮᠠᠯᠲᠠᠬᠤ︔ ᠬᠠᠤᠯᠢ ᠶᠣᠰᠣᠨ ᠤ ᠠᠭᠤᠷᠬᠠᠶ ᠨᠢ ᠵᠠᠭᠠᠭ ᠳᠠᠪᠠᠵᠤ ᠠᠭᠤᠷᠬᠠᠶ ᠮᠠᠯᠲᠠᠬᠤ᠂ ᠢᠯᠠᠩᠭᠤᠶ᠎ᠠ ᠣᠯᠠᠨᠲᠠ ᠪᠠᠶᠢᠴᠠᠭᠠᠵᠤ ᠣᠯᠠᠨᠲᠠ ᠬᠤᠷᠢᠭᠯᠠᠭᠰᠠᠨ ᠴᠤ ᠵᠣᠭᠰᠣᠭᠠᠬᠤ ᠥᠬᠡᠶ︔ ᠠᠯᠪᠠᠨ ᠲᠤᠰᠢᠶᠠᠯᠲᠠᠨ ᠬᠠᠤᠯᠢ ᠪᠤᠰᠤ ᠪᠠᠷ ᠠᠭᠤᠷᠬᠠᠶ ᠮᠠᠯᠲᠠᠬᠤ ᠳᠤ ᠣᠷᠣᠯᠴᠠᠬᠤ ᠵᠡᠷᠭᠡ ᠠᠰᠠᠭᠤᠳᠠᠯ ᠳᠤ ᠴᠤᠬᠢᠯᠲᠠ ᠦᠭᠭᠦᠨ᠎ᠡ᠃  ︽ᠠᠵᠢᠯᠯᠠᠭᠠᠨ ᠤ ᠲᠥᠰᠦᠯ︾ ᠢ ᠦᠨᠳᠦᠰᠦᠯᠡᠨ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠭᠡᠳ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰᠬᠠᠶ ᠠᠵᠢᠯᠯᠠᠭ᠎ᠠ ᠶᠢᠨ ᠬᠠᠮᠲᠤᠷᠠᠭᠰᠠᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠬᠤᠯᠠ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠬᠠᠮᠲᠤᠷᠠᠨ ᠪᠠᠶᠢᠴᠠᠭᠠᠨ ᠰᠢᠢᠳᠪᠦᠷᠢᠯᠡᠪᠡ᠃ ᠡᠯ᠎ᠡ ᠬᠤᠰᠢᠭᠤ ᠰᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠵᠤ᠂ ᠲᠤᠰᠬᠠᠶ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠲᠤ ᠴᠣᠬᠢᠯᠲᠠ ᠥᠭᠬᠦ ᠶᠢ ᠨᠢᠭᠲᠠ ᠵᠣᠯᠭᠠᠭᠤᠯᠵᠤ᠂ ᠬᠠᠤᠯᠢ ᠪᠤᠰᠤ ᠪᠠᠷ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠴᠣᠬᠢᠯᠲᠠ ᠥᠭᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠨᠢᠭᠤᠴᠠ ᠮᠡᠳᠡᠭᠡ — ᠰᠦᠪᠡᠭᠴᠢ — ᠴᠣᠬᠢᠯᠲᠠ ᠥᠭᠬᠦ︾ ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠨ᠎ᠠ᠃  ᠲᠣᠰ ᠤᠳᠠᠭᠠᠨ ᠤ ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠪᠠᠶᠢᠴᠠᠭᠠᠨ ᠲᠣᠳᠣᠷᠬᠠᠶᠢᠯᠠᠵᠤ᠂ ᠨᠡᠶᠢᠭᠡᠮ ᠤᠨ ᠨᠥᠯᠥᠭᠡ ᠪᠠᠷ ᠮᠠᠭᠤ᠂ ᠣᠯᠠᠨ ᠲᠦᠮᠡᠨ ᠤ ᠲᠤᠰᠬᠠᠯ ᠶᠡᠬᠡᠲᠡᠶ ᠬᠠᠤᠯᠢ ᠪᠤᠰᠤ ᠪᠠᠷ ᠠᠭᠤᠷᠬᠠᠶ ᠮᠠᠯᠲᠠᠭᠰᠠᠨ ᠨᠢᠭᠡ ᠪᠦᠯᠦᠭ ᠬᠡᠷᠡᠭ ᠢ ᠲᠥᠪᠯᠡᠷᠡᠭᠦᠯᠦᠨ ᠳᠡᠩᠨᠡᠨ ᠰᠢᠢᠳᠪᠦᠷᠢᠯᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠭᠰᠠᠨ᠂ ᠬᠢᠯᠢ ᠳᠠᠪᠠᠵᠤ ᠨᠡᠭᠡᠭᠡᠨ ᠮᠠᠯᠲᠠᠭᠰᠠᠨ᠂ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠨᠡᠷ᠎ᠡ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠭᠰᠠᠨ ᠨᠢᠭᠡ ᠪᠦᠯᠦᠭ ᠬᠠᠤᠯᠢ ᠶᠢ ᠵᠥᠷᠢᠴᠡᠨ ᠶᠠᠯ᠎ᠠ ᠬᠢᠭᠰᠡᠨ ᠬᠥᠮᠦᠰ ᠲᠤ ᠴᠣᠬᠢᠯᠲᠠ ᠥᠭᠴᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠨᠡᠭᠡᠭᠡᠨ ᠮᠠᠯᠲᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠨᠢᠭᠡ ᠪᠦᠯᠦᠭ ᠠᠰᠢᠭ ᠲᠤᠰᠠ ᠶᠢᠨ ᠬᠡᠯᠬᠢᠶ᠎ᠡ ᠶᠢ ᠲᠡᠰᠦᠯᠦᠨ ᠰᠦᠢᠷᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠲᠦᠢᠯᠪᠤᠷᠢᠲᠠᠶ ᠠᠷᠢᠯᠭᠠᠬᠤ ᠪᠠᠷ ᠴᠢᠷᠮᠠᠶᠢᠨ᠎ᠠ᠃ 
ᠢᠷᠡᠯᠲᠡ᠄ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ
Baidu
map