ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 2024 ᠣᠨ ᠤ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ | ᠪᠣᠷᠣᠯᠠᠭᠤᠯᠤᠭᠰᠠᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠣᠷᠣᠨ ᠰᠠᠭᠤᠴᠠ ᠶᠢᠨ ᠲᠦᠰᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ︽ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ᠂ ᠬᠡᠨ ᠬᠢᠨᠠᠨ ᠵᠥᠪᠰᠢᠶᠡᠷᠡᠪᠡᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠬᠦᠴᠦᠯᠡᠨ ᠠᠬᠢᠭᠤᠯᠪᠠ᠃ | ᠨᠢᠭᠡ ᠳᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠬᠦ ᠬᠡᠷᠡᠭᠲᠡᠢ᠃ ᠰᠢᠯᠢ ᠶᠢᠨ ᠭᠤᠤᠯ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠣᠯᠠᠨ | ᠤᠳᠠᠭ᠎ᠠ ᠰᠢᠢᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠬᠢᠭᠡᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠡᠪᠲᠡᠷᠡᠯᠴᠡᠨ | ᠵᠣᠬᠢᠴᠠᠭᠤᠯᠵᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠯ ᠵᠢᠴᠢ 12345 ᠬᠠᠯᠠᠮᠰᠢᠯ ᠤᠲᠠᠰᠤ ᠶᠢᠨ ᠬᠠᠷᠢᠭᠤ ᠲᠤᠰᠬᠠᠬᠤ ᠵᠡᠷᠭᠡ | ᠠᠰᠠᠭᠤᠳᠠᠯ ᠲᠠᠢ ᠤᠶᠠᠯᠳᠤᠭᠤᠯᠤᠨ᠂ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠳᠠᠬᠢᠨ | ᠣᠶᠢᠯᠠᠭᠠᠵᠤ᠂ ᠳᠠᠬᠢᠨ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠪᠠ᠃ ᠲᠦᠰᠦᠯ ᠳᠠᠷᠠᠭᠠᠯᠠᠨ ᠠᠰᠠᠭᠤᠳᠠᠯ ᠤᠨ ᠵᠠᠩᠭᠢᠯᠠᠭ᠎ᠠ ᠶᠢ | ᠡᠮᠬᠢᠯᠡᠵᠦ᠂ ᠰᠢᠢᠳᠪᠦᠷᠢᠯᠡᠬᠦ ᠲᠥᠰᠦᠯ ᠳᠤᠷᠠᠳᠴᠤ᠂ ᠲᠦᠷᠦᠭᠦᠯᠡᠬᠦ ᠰᠠᠯᠠᠭ᠎ᠠ ᠮᠥᠴᠢᠷ ᠪᠣᠯᠤᠨ ᠬᠠᠮᠵᠢᠯᠴᠠᠬᠤ ᠰᠠᠯᠠᠭ᠎ᠠ ᠮᠥᠴᠢᠷ ᠢ ᠲᠣᠳᠣᠷᠬᠠᠶᠢᠯᠠᠬᠤ ᠶᠢᠨ ᠬᠠᠮᠲᠤ ︽ | ᠡᠳᠦᠷ ᠪᠦᠷᠢ ᠲᠣᠬᠢᠷᠠᠭᠤᠯᠵᠤ᠂ ᠡᠳᠦᠷ ᠪᠦᠷᠢ ᠮᠡᠳᠡᠭᠡᠯᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠠᠬᠢᠴᠠ ᠪᠠᠨ ᠡᠳᠦᠷ ᠪᠦᠷᠢ ᠬᠥᠳᠡᠯᠦᠩᠭᠦᠶ ᠪᠠᠷ | ᠰᠢᠨᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠤᠳᠤᠯᠤᠨ ᠮᠠᠭᠠᠳᠯᠠᠵᠤ᠂ ᠠᠵᠢᠯ ᠤᠨ ᠲᠤᠷᠰᠢᠯᠭ᠎ᠠ ᠠᠷᠭ᠎ᠠ ᠬᠢᠳᠡᠯ ᠢ ᠵᠠᠷᠯᠠᠨ ᠮᠡᠳᠡᠭᠳᠡᠨ᠎ᠡ᠃ | ᠬᠤᠶᠠᠷ ᠲᠤ᠂ ᠥᠨᠳᠥᠷ ᠲᠦᠪᠰᠢᠨ ᠢᠶᠠᠷ ᠠᠬᠢᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠲᠤᠰᠬᠠᠶ ᠴᠡᠭᠴᠡᠯᠡᠨ ᠵᠠᠰᠠᠯᠲᠠ ᠶᠢ | ᠥᠷᠨᠢᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠬᠢᠷᠭ᠎ᠠ ᠶᠢᠨ | ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ | ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠲᠤᠰᠬᠠᠶᠢᠯᠠᠨ ᠳᠣᠭᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ᠂ ᠰᠢᠯᠢ ᠶᠢᠨ ᠭᠤᠤᠯ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠨ ︽ᠰᠢᠯᠢ ᠶᠢᠨ ᠭᠤᠤᠯ ᠠᠶᠢᠮᠠᠭ ᠤᠨ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ | ᠭᠦᠢᠴᠡᠳᠭᠡᠬᠦ ᠳᠤ ᠬᠦᠴᠢᠷᠲᠡᠶ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠨᠠᠶᠢᠷᠠᠭᠤᠯᠤᠨ ᠵᠣᠬᠢᠶᠠᠵᠤ᠂ ᠪᠥᠬᠦ ᠠᠶᠢᠮᠠᠭ ᠤᠨ | ᠦᠨᠡᠮᠯᠡᠯ ᠭᠦᠢᠴᠡᠳᠭᠡᠬᠦ ᠳᠤ ᠬᠦᠴᠢᠷᠲᠡᠶ ᠠᠰᠠᠭᠤᠳᠠᠯ ᠳᠤ ᠴᠢᠭᠯᠡᠭᠦᠯᠦᠨ᠂ ᠨᠠᠷᠢᠯᠢᠬᠵᠢᠭᠤᠯᠤᠨ ᠲᠥᠷᠥᠯ ᠬᠤᠪᠢᠶᠠᠵᠤ᠂ ᠪᠣᠳᠠᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ | 3 ᠶᠡᠭᠡ ᠲᠥᠷᠥᠯ᠂ 17 ᠵᠦᠢᠯ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠭᠰᠠᠨ ᠪᠥᠭᠡᠳ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠵᠠᠬᠢᠷᠭ᠎ᠠ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠣᠯᠠᠨ ᠤᠳᠠᠭ᠎ᠠ ᠪᠠᠶᠢᠭᠠᠯᠢ ᠶᠢᠨ | ᠡᠬᠢ ᠪᠠᠶᠠᠯᠢᠭ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ︵ᠣᠷᠣᠨ︶ ᠳᠤ ᠬᠦᠷᠴᠦ ᠬᠢᠨᠠᠨ | ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠵᠢᠯᠣᠭᠤᠳᠴᠤ | ᠠᠬᠢᠭᠤᠯᠬᠤ᠂ ᠠᠶᠢᠮᠠᠭ ᠬᠤᠰᠢᠭᠤᠨ ᠤ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠨ ᠬᠦᠴᠦᠯᠡᠬᠦ︾ ᠠᠵᠢᠯ ᠤᠨ ᠪᠠᠶᠢᠳᠠᠯ ᠢ ᠪᠣᠶ ᠪᠣᠯᠭᠠᠪᠠ᠃ | ᠭᠤᠷᠪᠠ ᠳᠤ᠂ ᠰᠠᠯᠠᠭ᠎ᠠ ᠮᠥᠴᠢᠷ ᠬᠠᠮᠵᠢᠯᠴᠠᠵᠤ᠂ ᠬᠤᠯᠪᠣᠭᠠᠯᠠᠨ ᠠᠬᠢᠭᠤᠯᠪᠠ᠃ ᠠᠶᠢᠮᠠᠭ ᠬᠤᠰᠢᠭᠤ ᠬᠤᠶᠠᠷ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠰᠠᠭᠤᠳᠠᠯ ᠢ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠨᠳᠦᠰᠦᠯᠡᠨ᠂ ᠨᠡᠭᠡᠭᠡᠯᠲᠡ ᠬᠢᠬᠦ ᠠᠵᠤ ᠠᠬᠤᠶᠢᠯᠠᠯ ᠲᠠᠢ ᠵᠦᠢᠯ ᠳᠠᠷᠠᠭᠠᠯᠠᠨ ᠪᠣᠯᠵᠣᠨ | ᠶᠠᠷᠢᠯᠴᠠᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠠᠴᠠ | ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠪᠣᠳᠠᠲᠠᠶ ᠠᠵᠢᠯ ᠤᠨ ᠠᠯᠬᠤᠮ ᠳᠠᠷᠠᠭ᠎ᠠ ᠶᠢ ᠵᠥᠪᠳᠡᠯᠴᠡᠪᠡ᠃ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠴᠠᠭ ᠲᠤᠬᠠᠶ ᠳᠤᠨᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠡᠷᠡᠭ ᠲᠤ ᠬᠤᠯᠪᠣᠭᠳᠠᠭᠰᠠᠨ ᠡᠯ᠎ᠡ ᠰᠢᠭᠦᠬᠦ | ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ︵ᠨᠢᠭᠡᠴᠢ︶ ᠲᠤ ︽ᠦᠨᠡᠮᠯᠡᠯ ᠭᠦᠢᠴᠡᠳᠬᠡᠬᠦ ᠳᠤ | ᠬᠦᠴᠢᠷᠲᠡᠶ ᠪᠠᠶᠢᠬᠤ ᠠᠰᠠᠭᠤᠳᠠᠯ ᠢ ᠬᠠᠪᠰᠤᠷᠤᠨ ᠠᠬᠢᠭᠤᠯᠬᠤ ᠵᠠᠬᠢᠳᠠᠯ︾ ᠶᠠᠪᠤᠭᠤᠯᠵᠤ᠂ ᠠᠵᠤ ᠠᠬᠤᠶᠢᠯᠠᠯ ᠲᠠᠢ ᠨᠡᠶᠢᠲᠡ 55 ᠤᠳᠠᠭ᠎ᠠ ᠪᠣᠯᠵᠣᠨ ᠶᠠᠷᠢᠯᠴᠠᠵᠤ᠂ | ᠡᠯ᠎ᠡ ᠲᠥᠷᠥᠯ ᠤᠨ ᠬᠤᠷᠠᠯ ᠢ 52 ᠤᠳᠠᠭ᠎ᠠ ᠬᠤᠷᠠᠯᠳᠤᠭᠤᠯᠵᠤ᠂ 128 ᠬᠠᠪᠰᠤᠷᠤᠨ ᠲᠤᠰᠠᠯᠠᠬᠤ ᠵᠠᠬᠢᠳᠠᠯ ᠢᠯᠡᠭᠡᠪᠡ᠃ ᠡᠭᠦᠨ ᠤ ᠬᠠᠮᠲᠤ᠂ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ᠂ ᠳᠤᠯᠤᠨ ᠨᠠᠭᠤᠷ᠂ ᠰᠢᠯᠤᠭᠤᠨ ᠬᠥᠬᠡ ᠬᠤᠰᠢᠭᠤ᠂ | ᠰᠢᠯᠢ ᠶᠢᠨ ᠬᠤᠲᠠ ᠳᠤ ᠬᠦᠷᠴᠦ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠲᠦᠰᠦᠯ | ᠬᠤᠪᠢᠶᠠᠨ ᠠᠵᠢᠯ ᠤᠨ ᠲᠦᠭᠵᠢᠷᠡᠯ᠂ ᠬᠦᠴᠢᠷ ᠠᠰᠠᠭᠤᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠪᠠ᠃ ᠡᠯ᠎ᠡ | ᠬᠤᠰᠢᠭᠤ ᠰᠢᠶᠠᠨ ᠬᠤᠲᠠ ︵ᠤᠷᠤᠨ︶ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠲᠤ ︽ᠣᠷᠣᠨ ᠰᠠᠭᠤᠴᠠ ᠶᠢᠨ ᠦᠨᠡᠮᠯᠡᠯ | ᠭᠦᠢᠴᠡᠳᠭᠡᠬᠦ ᠳᠤ ᠬᠦᠴᠢᠷᠲᠡᠶ︾ ᠠᠰᠠᠭᠤᠳᠠᠯ ᠤᠨ ᠲᠤᠰᠬᠠᠶ ᠴᠣᠩᠬᠤ ᠭᠠᠷᠭᠠᠵᠤ᠂ ᠴᠠᠭ ᠢ ᠤᠷᠲᠤᠳᠬᠠᠨ ᠦᠢᠯᠡᠴᠢᠯᠡᠬᠦ᠂ ᠬᠡᠷ ᠲᠤᠨᠢ ᠬᠦᠷᠴᠦ ᠦᠢᠯᠡᠴᠢᠯᠡᠬᠦ᠂ | ᠦᠨᠡᠮᠯᠡᠯ ᠭᠦᠢᠴᠡᠳᠭᠡᠬᠦ ᠴᠡᠭ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠨᠡᠶᠢᠭᠡᠮ ᠲᠣᠭᠤᠷᠢᠭ ᠬᠦᠷᠲᠡᠯ᠎ᠡ ᠤᠷᠲᠤᠳᠬᠠᠬᠤ ᠵᠡᠷᠭᠡ ᠠᠷᠭ᠎ᠠ ᠮᠠᠶ᠋ᠢᠭ ᠢ ᠠᠪᠴᠤ᠂ | ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠢ ᠬᠠᠰᠤᠨ ᠪᠠᠭᠠᠰᠬᠠᠵᠤ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠡᠷᠦᠬᠡ ᠬᠤᠪᠢᠶᠠᠨ ᠳᠡᠩᠰᠡᠯᠡᠨ ᠲᠡᠮᠳᠡᠭᠯᠡᠭᠦᠯᠬᠦ ᠪᠠᠷ ᠭᠤᠶᠤᠴᠢᠯᠠᠵᠤ᠂ ︽ᠦᠨᠡᠮᠯᠡᠯ ᠭᠦᠢᠴᠡᠳᠭᠡᠬᠦ ᠳᠤ | ᠬᠦᠴᠢᠷᠲᠡᠶ︾ ᠠᠰᠠᠭᠤᠳᠠᠯ ᠢ ᠪᠥᠬᠦ ᠬᠦᠴᠦᠨ ᠢᠶᠠᠷ ᠢᠶᠠᠨ ᠠᠷᠢᠯᠭᠠᠪᠠ᠃ | ᠲᠦᠷᠪᠡ ᠳᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠡᠷᠡᠭᠵᠢᠭᠦᠯᠦᠨ᠎ᠡ᠃ ᠠᠵᠤ ᠠᠬᠤᠶᠢᠯᠠᠯ ᠬᠠᠮᠵᠢᠯᠴᠠᠬᠤ | ᠦᠭᠡᠢ ᠪᠤᠶᠤ ᠭᠠᠶᠢᠯᠢ ᠰᠦᠢᠳᠬᠡᠯ ᠢ ᠨᠡᠭᠦᠯᠭᠡᠨ ᠬᠡᠷᠡᠭᠯᠡᠬᠦ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ᠂ | ᠣᠯᠠᠨ ᠰᠠᠯᠠᠭ᠎ᠠ ᠮᠥᠴᠢᠷ ᠬᠠᠮᠲᠤᠷᠠᠨ ᠭᠠᠶᠢᠯᠢ ᠰᠦᠢᠳᠬᠡᠯ ᠢ ᠰᠢᠮᠳᠠᠭᠤᠯᠤᠨ ᠲᠤᠰᠢᠶᠠᠯᠭᠠᠬᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠭᠡᠳᠡᠷᠭᠦ ᠰᠢᠬᠠᠮᠳᠠᠭᠤᠯᠤᠨ᠎ᠠ᠃ ᠪᠠᠶᠢᠴᠠᠭᠠᠨ ᠪᠢᠲᠡᠭᠦᠮᠵᠢᠯᠡᠭᠰᠡᠨ ᠳᠤ | ᠬᠤᠯᠪᠣᠭᠳᠠᠭᠰᠠᠨ ᠠᠰᠠᠭᠤᠳᠠᠯ ᠳᠤ ᠴᠢᠭᠯᠡᠭᠦᠯᠦᠨ᠂ ︽ᠣᠯᠠᠨ ᠲᠦᠮᠡᠨ ᠠᠯᠳᠠᠭ᠎ᠠ ᠦᠭᠡᠢ ᠪᠠᠶᠢᠬᠤ︾ ᠵᠠᠷᠴᠢᠮ ᠶᠣᠰᠣᠭᠠᠷ᠂ ᠦᠨᠡᠮᠯᠡᠯ ᠭᠦᠢᠴᠡᠳᠭᠡᠬᠦ ᠶᠢ | ᠢᠳᠡᠪᠬᠢᠲᠡᠶ ᠪᠠᠷ ᠵᠣᠬᠢᠴᠠᠭᠤᠯᠤᠨ ᠠᠬᠢᠭᠤᠯᠤᠨ᠎ᠠ᠃ ᠲᠥᠯᠥᠪᠵᠢᠭᠦᠯᠭᠡ ᠬᠢᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠭᠠᠷᠳᠠᠮ ᠢ ᠣᠯᠵᠤ ᠳᠡᠶᠢᠯᠬᠦ | ᠦᠭᠡᠶ ᠠᠰᠠᠭᠤᠳᠠᠯ ᠳᠤ ᠴᠢᠭᠯᠡᠭᠦᠯᠦᠨ᠂ ᠵᠠᠬᠢᠳᠠᠯ ᠢᠶᠠᠷ ᠦᠨᠡᠮᠯᠡᠯ ᠢ ᠣᠷᠣᠯᠠᠭᠤᠯᠬᠤ᠂ ᠤᠷᠢᠳᠠᠪᠠᠷ ᠭᠡᠷᠡᠴᠢᠯᠡᠵᠦ ᠳᠠᠷᠠᠭ᠎ᠠ ᠨᠢ ᠭᠠᠶᠢᠯᠢ ᠲᠤᠰᠢᠶᠠᠬᠤ ᠵᠡᠷᠭᠡ ᠠᠷᠭ᠎ᠠ | ᠬᠡᠮᠵᠢᠶ᠎ᠡ ᠶᠢ ᠠᠪᠴᠤ ᠪᠠᠶᠢᠭᠠᠳ ᠤᠷᠢᠳᠠᠪᠠᠷ ᠭᠦᠢᠴᠡᠳᠬᠡᠨ᠎ᠡ᠃ 7 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠪᠥᠬᠦ ᠠᠶᠢᠮᠠᠭ ᠲᠤ 79 ᠲᠦᠰᠦᠯ ᠢ ᠠᠩᠬ᠎ᠠ | ᠤᠳᠠᠭ᠎ᠠ ᠳᠡᠩᠰᠡᠯᠡᠵᠦ᠂ 11952 ᠢᠵᠢ ᠪᠠᠯᠠ ᠮᠥᠩᠭᠦ ᠶᠢ ᠠᠩᠬ᠎ᠠ ᠤᠳᠠᠭ᠎ᠠ ᠳᠡᠩᠰᠡᠯᠡᠵᠦ᠂ ᠪᠡᠶᠡᠯᠡᠭᠦᠯᠦᠭᠰᠡᠨ ᠨᠣᠷᠮ᠎ᠠ ᠨᠢ 92% ᠪᠣᠯᠤᠨ᠎ᠠ᠃ 1636 ᠢᠵᠢ | ᠡᠷᠦᠬᠡ ᠬᠤᠪᠢᠶᠠᠨ ᠳᠠᠩᠰᠠᠯᠠᠵᠤ᠂ ᠪᠡᠶᠡᠯᠡᠭᠦᠯᠦᠭᠰᠡᠨ ᠨᠣᠷᠮ᠎ᠠ ᠨᠢ 12.6% ᠪᠣᠯᠪᠠ᠃ | ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠳᠦᠷ ᠲᠤᠲᠤᠮ ᠤᠨ ᠠᠵᠢᠯ ᠤᠨ | ᠲᠣᠬᠢᠷᠠᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠡᠳᠦᠷ ᠲᠤ ᠳᠣᠭᠢᠷᠠᠭᠤᠯᠵᠤ᠂ ᠡᠳᠦᠷ ᠲᠤ ᠵᠠᠷᠯᠠᠨ ᠮᠡᠳᠡᠭᠳᠡᠬᠦ︾ ᠰᠠᠭᠤᠷᠢᠨ ᠳᠡᠭᠡᠷ᠎ᠡ᠂ ᠨᠠᠷᠢᠨ | ᠲᠠᠩᠰᠠ ᠶᠢᠨ ᠳ᠋ᠤᠭᠠᠷ ᠢ ᠬᠠᠰᠤᠬᠤ ᠲᠦᠷᠢᠮ ᠢ ᠪᠠᠶᠢᠭᠤᠯᠵᠤ᠂ ᠨᠢᠭᠡ ᠶᠢ ᠴᠡᠭᠴᠡᠯᠡᠨ ᠵᠠᠰᠠᠵᠤ ᠨᠢᠭᠡ ᠶᠢ ᠬᠠᠰᠤᠬᠤ ᠶᠢ ᠪᠡᠶᠡᠯᠡᠭᠦᠯᠵᠦ᠂ ᠴᠢᠬᠤᠯᠠ ᠶᠡᠭᠡ ᠨᠠᠷᠢᠨ | ᠪᠤᠳᠤᠯᠢᠶᠠᠨᠲᠠᠶ ᠠᠰᠠᠭᠤᠳᠠᠯ ᠢ ᠰᠠᠯᠠᠭ᠎ᠠ ᠮᠥᠴᠢᠷ ᠤᠨ ᠰᠤᠳᠤᠯᠤᠨ ᠮᠠᠭᠠᠳᠯᠠᠬᠤ᠂ ᠫᠠᠶᠢᠰᠠ ᠡᠯᠭᠦᠨ ᠬᠢᠨᠠᠨ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ | ᠡᠭᠦᠨ ᠤ ᠬᠠᠮᠲᠤ᠂ ᠦᠨᠡᠮᠯᠡᠯ ᠠᠪᠬᠤ ᠳᠤ ᠬᠦᠴᠢᠷᠲᠡᠶ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ | ᠲᠦᠮᠡᠨ ᠤ ᠭᠤᠮᠣᠳᠠᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠰᠠᠭᠤᠳᠠᠯ ᠢ ᠣᠯᠵᠤ ᠮᠡᠳᠡᠪᠡᠯ ᠡᠳᠦᠷ ᠲᠤᠲᠤᠮ ᠤᠨ ᠪᠠ | ᠰᠢᠢᠳᠪᠦᠷᠢᠯᠡᠬᠦ ᠡᠳᠦᠷ ᠲᠤᠲᠤᠮ ᠤᠨ ᠪᠠᠶᠢᠩᠭᠤ ᠶᠢᠨ ᠴᠢᠨᠠᠷᠲᠠᠶ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ ᠳᠠᠩᠰᠠᠯᠠᠨ ᠲᠡᠮᠳᠡᠭᠯᠡᠬᠦ | ᠪᠠᠶᠢᠭᠤᠯᠤᠮᠵᠢ ᠶᠢᠨ ᠤᠷᠢᠳᠴᠢᠯᠠᠨ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠣᠯᠠᠨ ᠲᠦᠰᠦᠯ ᠤᠨ ︽ᠭᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ | ᠲᠤᠰᠢᠶᠠᠬᠤ︾ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ︽ᠦᠨᠡᠮᠯᠡᠯ ᠠᠪᠬᠤ ᠳᠤ ᠬᠦᠴᠢᠷᠲᠡᠶ︾ ᠰᠢᠨ᠎ᠡ ᠠᠰᠠᠭᠤᠳᠠᠯ ᠢ ᠡᠬᠢ ᠡᠭᠦᠰᠦᠯ ᠠᠴᠠ ᠨᠢ ᠡᠷᠡᠰ | ᠬᠤᠷᠢᠭᠯᠠᠨ᠎ᠠ᠃ | |