ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ — ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠡᠷᠢᠶᠡᠨ ᠬᠤᠳᠠ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/23
  8 ᠳ᠋ᠤᠭᠠᠷ ᠰᠠᠷ᠎ᠠ ᠶᠢᠨ 27 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠡᠷᠢᠶᠡᠨ ᠬᠤᠳᠠ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠳᠤ ᠤᠬᠠᠭᠤᠯᠤᠨ ᠲᠠᠶᠢᠯᠪᠤᠷᠢᠯᠠᠪᠠ᠃
9.23-1.png
  ᠡᠷᠢᠶᠡᠨ ᠬᠤᠲᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠵᠢᠶᠠ ᠶᠤᠸᠠᠢ ᠹᠧᠩ ︽ᠪᠥᠬᠦᠳᠡ ᠬᠤᠷᠠᠯ ᠤᠨ ᠭᠤᠤᠯ ᠰᠡᠳᠦᠪ ᠢ ᠭᠦᠨᠵᠡᠭᠡᠶ ᠣᠶᠢᠯᠠᠭᠠᠬᠤ ᠪᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠴᠢᠬᠤᠯᠠ ᠶᠡᠭᠡ ᠵᠠᠷᠴᠢᠮ ᠢ ᠭᠦᠨᠵᠡᠭᠡᠶ ᠣᠶᠢᠯᠠᠭᠠᠬᠤ︾᠂ ︽︿ᠲᠣᠭᠲᠠᠭᠠᠯ﹀ ᠳᠤ ᠳᠤᠷᠠᠳᠤᠭᠰᠠᠨ ᠴᠢᠬᠤᠯᠠ ᠶᠡᠭᠡ ᠠᠷᠭ᠎ᠠ ᠬᠡᠮᠵᠢᠶ᠎ᠡ ᠪᠠ ᠡᠭᠦᠷᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ︾᠂ ︽ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ︾ 4 ᠲᠠᠯ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠢ ᠴᠧᠩ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃
9.23-2.png
  ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠣᠣ ᠳ᠋ᠠ ᠶᠦᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠵᠡᠷᠭᠡ ᠳᠥᠷᠪᠡᠨ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃
9.23-3.png
  ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠢ ᠶᠠᠨ ᠫᠧᠩ  ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠴᠠᠬᠢᠯᠭᠠᠨ ᠬᠦᠴᠦᠨ ᠤ ᠡᠨᠧᠷᠭᠢ ᠶᠢᠨ ᠪᠠᠲᠤᠯᠠᠭ᠎ᠠ ᠬᠠᠩᠭᠠᠯᠭ᠎ᠠ ᠶᠢᠨ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠪᠡ᠃ 
ᠢᠷᠡᠯᠲᠡ᠄ ᠦᠪᠤᠷ ᠮᠣᠩᠭᠤᠯ ᠤᠨ ᠷᠡᠳᠢᠤ᠋ ᠲᠧᠯᠸᠢᠰ ᠬᠤᠷᠢᠶ᠎ᠠ ᠶᠢᠨ ᠠᠯᠪᠠᠨ ᠤ ᠰᠣᠨᠢᠨ ᠮᠡᠳᠡᠭᠡᠨ ᠤ ᠬᠡᠷᠡᠭᠯᠡᠭᠰᠡᠳ ᠤᠨ ᠦᠵᠦᠭᠦᠷ
Baidu
map